ᠢᠦᠶ ᠴᠢᠤᠸᠠᠨ ᠲᠣᠭᠤᠷᠢᠭ ᠤᠨ 2024 ᠣᠨ ᠤ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠵᠤ ᠬᠥᠨᠥᠭᠡᠯ ᠢ ᠬᠢᠵᠠᠭᠠᠷᠯᠠᠬᠤ ᠠᠵᠢᠯ ᠤᠨ ᠬᠡᠷᠡᠭᠵᠢᠭᠦᠯᠬᠦ ᠲᠥᠰᠦᠯ
ᠨᠡᠶᠢᠲᠡᠯᠡᠭᠰᠡᠨ ᠴᠠᠭ᠄
2024/4/26
 ᠲᠠᠷᠢᠶᠠᠨ ᠡᠮ ᠤᠨ ᠲᠦᠷᠦᠯ ᠵᠦᠢᠯ ᠤᠨ ᠪᠦᠲᠦᠴᠡ ᠶᠢ ᠰᠢᠯᠢᠳᠡᠭᠵᠢᠭᠦᠯᠬᠦ ᠶᠢ ᠲᠦᠷᠭᠡᠳᠬᠡᠵᠦ᠂ᠰᠢᠨᠵᠢᠯᠡᠬᠦ ᠤᠬᠠᠭᠠᠨᠴᠢ ᠪᠠᠷ ᠡᠮ ᠬᠡᠷᠡᠭᠯᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠠᠮᠤᠷ ᠲᠦᠪᠰᠢᠨ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠪᠠᠲᠤᠯᠠᠵᠤ᠂ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ ᠨᠡᠮᠡᠭᠳᠡᠭᠦᠯᠬᠦ ᠦᠭᠡᠢ ᠪᠠᠶᠢᠬᠤ ᠶᠢ ᠪᠡᠶᠡᠯᠡᠭᠦᠯᠵᠦ᠂ ᠲᠠᠷᠢᠶᠠᠯᠠᠩ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠢᠦᠢ ᠴᠢᠤᠸᠠᠨ ᠲᠣᠭᠤᠷᠢᠭ ᠤᠨ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠵᠤ ᠬᠥᠨᠥᠭᠡᠯ ᠢ ᠬᠢᠵᠠᠭᠠᠷᠯᠠᠬᠤ ᠶᠢ ᠬᠡᠷᠡᠭᠵᠢᠭᠦᠯᠬᠦ ᠲᠥᠰᠦᠯ ᠢ ᠣᠨᠴᠠᠭᠠᠶᠢᠯᠠᠨ ᠲᠣᠭᠲᠠᠭᠠᠪᠠ᠃      ᠨᠢᠭᠡ᠂ ᠶᠡᠷᠦᠩᠬᠡᠶ ᠰᠡᠳᠬᠢᠴᠡ      ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠶᠡᠷᠦᠩᠬᠡᠶᠢᠯᠡᠨ ᠰᠡᠷᠭᠡᠶᠢᠯᠡᠨ ᠵᠠᠰᠠᠬᠤ︾ ᠴᠢᠭᠯᠡᠯᠲᠡ ᠶᠢ ᠪᠠᠷᠢᠮᠲᠠᠯᠠᠨ᠂ ︽ᠰᠢᠨᠵᠢᠯᠡᠬᠦ ᠤᠬᠠᠭᠠᠨᠴᠢ ᠪᠠᠷ ᠤᠷᠭᠤᠮᠠᠯ ᠤᠨ ᠬᠠᠮᠠᠭᠠᠯᠠᠯᠲᠠ᠂ ᠤᠯᠠᠨ ᠨᠡᠶᠢᠲᠡ ᠶᠢᠨ ᠤᠷᠭᠤᠮᠠᠯ ᠤᠨ ᠬᠠᠮᠠᠭᠠᠯᠠᠯᠲᠠ᠂ ᠪᠣᠬᠢᠷᠲᠤᠯ ᠦᠭᠡᠢ ᠤᠷᠭᠤᠮᠠᠯ ᠤᠨ ᠬᠠᠮᠠᠭᠠᠯᠠᠯᠲᠠ︾ ᠶᠢᠨ ᠣᠶᠢᠯᠠᠭᠠᠭᠳᠠᠬᠤᠨ ᠢ ᠪᠤᠢ ᠪᠣᠯᠭᠠᠵᠤ᠂ ᠬᠠᠰᠤᠬᠤ ᠦᠢᠯᠡᠳᠦᠯ ᠤᠨ ᠣᠶᠢᠯᠠᠭᠠᠭᠳᠠᠬᠤᠨ᠂ ᠠᠭᠤᠰᠤᠯᠴᠠᠭᠤᠯᠬᠤ ᠰᠡᠳᠬᠢᠴᠡ᠂ ᠬᠠᠥᠯᠢᠵᠢᠯ ᠤᠨ ᠰᠡᠳᠬᠢᠬᠦᠶ ᠪᠠᠷ ᠣᠳᠣᠬᠢᠴᠢᠯᠠᠭᠰᠠᠨ ᠤᠷᠭᠤᠮᠠᠯ ᠤᠨ ᠬᠠᠮᠠᠭᠠᠯᠠᠯᠲᠠ ᠶᠢᠨ ᠠᠵᠢᠯ ᠢ ᠲᠦᠯᠬᠢᠨ ᠠᠬᠢᠭᠤᠯᠤᠨ᠎ᠠ᠃ ᠰᠢᠨ᠎ᠡ ᠬᠡᠯᠪᠡᠷᠢ ᠶᠢᠨ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ᠂ ᠤᠷᠭᠤᠮᠠᠯ ᠢ ᠬᠠᠮᠠᠭᠠᠯᠠᠬᠤ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠳᠤ ᠲᠦᠰᠢᠭᠯᠡᠨ᠂ ᠲᠥᠪᠯᠡᠷᠡᠩᠭᠦᠶ ᠪᠠᠷ ᠬᠤᠯᠪᠣᠯᠳᠤᠨ ᠲᠤᠰᠬᠠᠶᠢᠵᠢᠭᠰᠠᠨ ᠨᠢᠭᠡᠳᠦᠯᠲᠡᠢ ᠰᠡᠷᠭᠡᠶᠢᠯᠡᠨ ᠨᠢᠭᠡᠳᠦᠯᠲᠡᠢ ᠵᠠᠰᠠᠬᠤ ᠶᠢ ᠪᠦᠬᠦ ᠲᠠᠯ᠎ᠠ ᠪᠠᠷ ᠠᠬᠢᠭᠤᠯᠵᠤ᠂ ᠰᠢᠨ᠎ᠡ ᠬᠡᠯᠪᠡᠷᠢ ᠶᠢᠨ ᠲᠠᠷᠢᠶᠠᠨ ᠡᠮ ᠢ ᠶᠡᠬᠡᠪᠡᠷ ᠳᠡᠯᠭᠡᠷᠡᠭᠦᠯᠵᠦ᠂ ᠲᠤᠨᠤᠭ ᠲᠥᠬᠦᠭᠡᠷᠦᠮᠵᠢ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠠᠷᠭ᠎ᠠ ᠮᠠᠶ᠋ᠢᠭ ᠢ ᠲᠦᠷᠭᠡᠪᠴᠢᠯᠡᠨ ᠬᠤᠪᠢᠷᠠᠭᠤᠯᠵᠤ᠂ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠶᠢ ᠭᠦᠨᠵᠡᠭᠡᠶ ᠲᠦᠯᠬᠢᠨ ᠠᠬᠢᠭᠤᠯᠵᠤ᠂ ᠡᠬᠢ ᠪᠠᠶᠠᠯᠢᠭ ᠠᠷᠪᠢᠯᠠᠬᠤ ᠬᠡᠯᠪᠡᠷᠢ ᠶᠢᠨ᠂ ᠣᠷᠴᠢᠨ ᠲᠤᠭᠤᠷᠢᠨ ᠨᠥᠬᠦᠷᠰᠡᠭ ᠬᠡᠯᠪᠡᠷᠢ ᠶᠢᠨ ᠡᠪᠡᠳᠴᠢᠨ ᠬᠤᠷᠣᠬᠠᠶ ᠶᠢᠨ ᠬᠥᠨᠥᠭᠡᠯ ᠢ ᠦᠷᠭᠦᠯᠵᠢᠯᠡᠨ ᠵᠠᠰᠠᠬᠤ ᠮᠡᠷᠭᠡᠵᠢᠯ ᠤᠨ ᠰᠢᠰᠲ᠋ᠧᠮ ᠢ ᠪᠠᠶᠢᠭᠤᠯᠵᠤ᠂ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠨ ᠬᠥᠨᠥᠭᠡᠯ ᠢ ᠬᠢᠵᠠᠭᠠᠷᠯᠠᠬᠤ ᠪᠠ ᠥᠪᠡᠷ ᠤᠨ ᠦᠷᠳᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠠᠮᠤᠷ ᠲᠦᠪᠰᠢᠨ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠪᠠ ᠠᠮᠢ ᠠᠬᠤᠶ ᠶᠢᠨ ᠣᠷᠴᠢᠨ ᠲᠤᠭᠤᠷᠢᠨ ᠤ ᠠᠮᠤᠷ ᠲᠦᠪᠰᠢᠨ ᠢ ᠪᠠᠲᠤᠯᠠᠨ᠎ᠠ᠃      ᠬᠤᠶᠠᠷ᠂ ᠠᠵᠢᠯ ᠤᠨ ᠬᠠᠷᠠᠯᠲᠠ      ᠪᠣᠬᠢᠷᠲᠤᠯ ᠦᠭᠡᠢ ᠤᠷᠭᠤᠮᠠᠯ ᠤᠨ ᠬᠠᠮᠠᠭᠠᠯᠠᠯᠲᠠ ᠶᠢ ᠲᠦᠯᠬᠢᠨ ᠠᠬᠢᠭᠤᠯᠬᠤ ᠪᠠᠷ ᠳᠠᠮᠵᠢᠭᠤᠯᠤᠨ᠂ ᠪᠣᠬᠢᠷᠲᠤᠯ ᠦᠭᠡᠢ ᠲᠠᠷᠢᠶᠠᠯᠠᠩ ᠤᠨ ᠬᠥᠭᠵᠢᠯᠲᠡ ᠳᠤ ᠦᠢᠯᠡᠴᠢᠯᠡᠵᠦ᠂ ᠬᠢᠮᠢ ᠶᠢᠨ ᠲᠠᠷᠢᠶᠠᠨ ᠡᠮ ᠢ ᠣᠷᠣᠯᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠡᠬᠢ ᠪᠠᠶᠠᠯᠢᠭ ᠢ ᠠᠷᠪᠢᠯᠠᠬᠤ ᠬᠡᠯᠪᠡᠷᠢ ᠶᠢᠨ᠂ ᠣᠷᠴᠢᠨ ᠲᠤᠭᠤᠷᠢᠨ ᠨᠥᠬᠦᠷᠰᠡᠭ ᠬᠡᠯᠪᠡᠷᠢ ᠶᠢᠨ ᠡᠪᠡᠳᠴᠢᠨ ᠬᠤᠷᠣᠬᠠᠶ ᠶᠢᠨ ᠬᠥᠨᠥᠭᠡᠯ ᠢ ᠦᠷᠭᠦᠯᠵᠢᠯᠡᠨ ᠵᠠᠰᠠᠬᠤ ᠮᠡᠷᠭᠡᠵᠢᠯ ᠤᠨ ᠰᠢᠰᠲ᠋ᠧᠮ ᠢ ᠪᠠᠶᠢᠭᠤᠯᠵᠤ᠂ ᠰᠢᠨᠵᠢᠯᠡᠬᠦ ᠤᠬᠠᠭᠠᠨᠴᠢ ᠪᠠᠷ ᠡᠮ ᠬᠡᠷᠡᠭᠯᠡᠬᠦ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠨ᠎ᠡ᠃ 2024 ᠣᠨ ᠳᠤ ᠬᠢᠮᠢ ᠶᠢᠨ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ ᠪᠠᠭᠠᠰᠬᠠᠬᠤ ᠶᠢ ᠦᠷᠭᠦᠯᠵᠢᠯᠡᠨ ᠠᠬᠢᠭᠤᠯᠵᠤ᠂ ᠪᠥᠬᠦ ᠲᠤᠭᠤᠷᠢᠭ ᠤᠨ ᠨᠢᠭᠡᠳᠦᠯᠲᠡᠢ ᠰᠡᠷᠭᠡᠶᠢᠯᠡᠨ ᠨᠢᠭᠡᠳᠦᠯᠲᠡᠢ ᠵᠠᠰᠠᠬᠤ ᠲᠠᠯᠠᠪᠠᠶ ᠶᠢ 2 ᠲᠦᠮᠡᠨ ᠮᠥ ᠳᠤ ᠬᠦᠷᠦᠭᠦᠯᠦᠨ᠎ᠡ᠃      ᠭᠤᠷᠪᠠ᠂ ᠬᠡᠮᠵᠢᠶ᠎ᠡ ᠶᠢ ᠪᠠᠭᠠᠰᠬᠠᠬᠤ ᠭᠤᠣᠯᠳᠠᠯᠭ᠎ᠠ ᠲᠠᠢ ᠠᠷᠭ᠎ᠠ ᠬᠡᠮᠵᠢᠶ᠎ᠡ      ᠡᠪᠡᠳᠴᠢᠨ ᠬᠤᠷᠣᠬᠠᠶ ᠶᠢᠨ ᠬᠥᠨᠥᠭᠡᠯ ᠤᠨ ᠡᠭᠦᠰᠬᠦ ᠬᠤᠣᠷ ᠬᠥᠨᠥᠭᠡᠯ ᠤᠨ ᠣᠨᠴᠠᠯᠢᠭ ᠪᠠ ᠰᠡᠷᠭᠡᠶᠢᠯᠡᠨ ᠡᠵᠡᠮᠳᠡᠬᠦ ᠪᠣᠳᠠᠲᠤ ᠪᠠᠶᠢᠳᠠᠯ ᠢ ᠦᠨᠳᠦᠰᠦᠯᠡᠨ᠂ ᠪᠦᠬᠦ ᠲᠠᠯ᠎ᠠ ᠪᠠᠷ ᠵᠠᠰᠠᠬᠤ ᠶᠢ ᠪᠠᠷᠢᠮᠲᠠᠯᠠᠵᠤ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠨᠢ ᠵᠡᠷᠭᠡᠪᠡᠷ ᠵᠠᠰᠠᠵᠤ᠂ ︽ᠬᠢᠵᠠᠭᠠᠷᠯᠠᠬᠤ᠂ ᠣᠷᠣᠯᠠᠭᠤᠯᠬᠤ᠂ ᠰᠢᠯᠢᠳᠡᠭᠴᠢᠯᠡᠬᠦ᠂ ᠨᠢᠭᠡᠳᠬᠡᠬᠦ︾ ᠳᠡᠭᠡᠷ᠎ᠡ ᠭᠤᠣᠯᠳᠠᠯᠭ᠎ᠠ ᠪᠠᠨ ᠲᠠᠯᠪᠢᠬᠤ ᠬᠡᠷᠡᠭᠲᠡᠶ᠃      ᠨᠢᠭᠡ ᠳᠤ ︽ᠬᠢᠵᠠᠭᠠᠷᠯᠠᠬᠤ︾᠃ ᠳᠠᠷᠤᠶ ᠡᠪᠡᠳᠴᠢᠨ ᠬᠤᠷᠣᠬᠠᠶ ᠶᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠮᠡᠷᠭᠡᠵᠢᠯ ᠢ ᠳᠡᠯᠭᠡᠷᠡᠭᠦᠯᠵᠦ ᠡᠪᠡᠳᠴᠢᠨ ᠬᠤᠷᠣᠬᠠᠶ ᠶᠢᠨ ᠡᠭᠦᠰᠬᠦ ᠬᠡᠮᠵᠢᠶ᠎ᠡ ᠶᠢ ᠬᠢᠵᠠᠭᠠᠷᠯᠠᠨ᠎ᠠ᠃ ᠲᠠᠷᠢᠶᠠᠯᠠᠩ᠂ ᠹᠢᠽᠢᠺ ᠵᠢᠴᠢ ᠠᠮᠢᠳᠤ ᠪᠣᠳᠠᠰ ᠤᠨ ᠰᠡᠷᠭᠡᠶᠢᠯᠡᠨ ᠵᠠᠰᠠᠬᠤ ᠮᠡᠷᠭᠡᠵᠢᠯ ᠢ ᠬᠡᠷᠡᠭᠯᠡᠨ᠂ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠲᠠᠷᠢᠮᠠᠯ᠂ ᠲᠥᠷᠥᠯᠬᠢ ᠳᠠᠶᠢᠰᠤᠨ ᠤ ᠥᠰᠥᠯᠲᠡ ᠳᠤ ᠠᠰᠢᠭᠲᠠᠶ ᠪᠥᠭᠡᠳ ᠡᠪᠡᠳᠴᠢᠨ ᠬᠤᠷᠣᠬᠠᠶ ᠶᠢᠨ ᠬᠥᠨᠥᠭᠡᠯ ᠤᠨ ᠬᠥᠨᠥᠭᠡᠯ ᠡᠭᠦᠰᠬᠦ ᠳᠤ ᠠᠰᠢᠭ ᠥᠬᠡᠶ ᠣᠷᠴᠢᠨ ᠲᠣᠭᠤᠷᠢᠨ ᠤ ᠨᠥᠬᠦᠴᠡᠯ ᠢ ᠡᠭᠦᠳᠦᠨ ᠪᠠᠶᠢᠭᠤᠯᠵᠤ᠂ ᠠᠮᠢ ᠠᠬᠤᠶ ᠶᠢᠨ ᠡᠵᠡᠮᠰᠢᠨ ᠲᠤᠬᠢᠷᠠᠭᠤᠯᠭ᠎ᠠ ᠬᠢᠬᠦ ᠬᠡᠷᠡᠭᠲᠡᠶ᠃ ᠡᠰᠡᠷᠭᠦᠴᠡᠬᠦ ᠴᠢᠨᠠᠷ ᠲᠠᠢ ᠡᠭᠦᠯᠳᠡᠷ ᠢ ᠲᠠᠷᠢᠬᠤ᠂ ᠤᠷᠭᠤᠮᠠᠯ ᠤᠨ ᠦᠯᠦ ᠬᠠᠯᠳᠠᠭᠠᠬᠤ ᠥᠳᠥᠭᠡᠭᠴᠢ ᠡᠳ᠋ ᠢ ᠰᠦᠷᠴᠢᠨ ᠤᠷᠤᠭᠤᠯᠬᠤ ᠪᠠᠷ ᠳᠠᠮᠵᠢᠨ᠂ ᠤᠷᠭᠤᠮᠠᠯ ᠤᠨ ᠦᠨᠳᠦᠰᠦ ᠶᠢᠨ ᠰᠢᠰᠲ᠋ᠧᠮ ᠤᠨ ᠬᠥᠭᠵᠢᠬᠦ᠂ ᠨᠠᠪᠴᠢ ᠨᠣᠭᠤᠭᠠᠷᠠᠬᠤ᠂ ᠴᠢᠬᠢ ᠪᠤᠶᠢᠵᠢᠬᠤ ᠶᠢ ᠠᠬᠢᠭᠤᠯᠵᠤ᠂ ᠡᠪᠡᠳᠴᠢᠨ ᠬᠤᠷᠣᠬᠠᠶ ᠶᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠷᠲᠡ ᠢᠯᠡᠷᠡᠭᠦᠯᠬᠦ᠂ ᠡᠷᠲᠡ ᠰᠡᠷᠭᠡᠶᠢᠯᠡᠬᠦ᠂ ᠡᠷᠲᠡ ᠰᠢᠢᠳᠪᠦᠷᠢᠯᠡᠬᠦ ᠪᠠᠷ ᠳᠠᠮᠵᠢᠨ᠂ ᠡᠪᠡᠳᠴᠢᠨ ᠬᠤᠷᠣᠬᠠᠶ ᠶᠢᠨ ᠬᠥᠨᠥᠭᠡᠯ ᠢ ᠪᠠᠭ᠎ᠠ ᠬᠡᠪᠴᠢᠶ᠎ᠡ᠂ ᠳᠣᠣᠷ᠎ᠠ ᠨᠢᠭᠲᠠᠴᠠ ᠲᠠᠢ ᠪᠠ ᠡᠬᠢᠨ ᠤ ᠬᠤᠭᠤᠴᠠᠭᠠᠨ ᠤ ᠬᠠᠯᠳᠠᠪᠤᠷᠢᠯᠠᠯ ᠤᠨ ᠪᠠᠶᠢᠳᠠᠯ ᠳᠤ ᠬᠢᠵᠠᠭᠠᠷᠯᠠᠨ᠎ᠠ᠃      ᠬᠤᠶᠠᠷ ᠲᠤ ︽ᠣᠷᠣᠯᠠᠭᠤᠯᠬᠤ︾᠃ ᠳᠠᠷᠤᠶ ᠬᠢᠮᠢ ᠶᠢᠨ ᠰᠡᠷᠭᠡᠶᠢᠯᠡᠨ ᠵᠠᠰᠠᠯᠲᠠ᠂ ᠬᠤᠣᠷ ᠶᠡᠬᠡᠲᠡᠶ ᠦᠯᠡᠳᠡᠭᠳᠡᠯ ᠶᠡᠬᠡᠲᠡᠶ ᠲᠠᠷᠢᠶᠠᠨ ᠡᠮ ᠪᠠ ᠦᠷ᠎ᠡ ᠠᠰᠢᠭ ᠢᠶᠠᠷ ᠳᠣᠣᠷ᠎ᠠ ᠵᠢᠵᠢᠭ ᠬᠡᠯᠪᠡᠷᠢ ᠶᠢᠨ ᠡᠮ ᠤᠨ ᠪᠠᠭᠠᠵᠢ ᠶᠢ ᠣᠷᠣᠯᠠᠭᠤᠯᠤᠨ᠎ᠠ᠃ ᠳ᠋ᠧᠩ ᠤᠨ ᠭᠡᠷᠡᠯ ᠢᠶᠠᠷ ᠥᠳᠥᠭᠡᠨ ᠠᠯᠠᠬᠤ᠂ ᠮᠡᠳᠡᠭᠡ ᠵᠠᠩᠭᠢ ᠶᠢ ᠲᠥᠭᠡᠷᠢᠭᠦᠯᠬᠦ᠂ ᠦᠨᠦᠷ ᠠᠴᠠ ᠵᠠᠶᠢᠯᠠᠬᠤ᠂ ᠢᠳᠡᠭᠡᠨ ᠤ ᠢᠷᠡᠯᠳᠡ ᠪᠠᠷ ᠥᠳᠥᠭᠡᠨ ᠠᠯᠠᠬᠤ ᠵᠡᠷᠭᠡ ᠮᠡᠷᠭᠡᠵᠢᠯ ᠪᠠ ᠦᠢᠯᠡᠳᠬᠦᠨ ᠢ ᠶᠡᠬᠡᠪᠡᠷ ᠳᠡᠯᠭᠡᠷᠡᠭᠦᠯᠦᠨ ᠬᠡᠷᠡᠭᠯᠡᠬᠦ ᠪᠠᠷ ᠳᠠᠮᠵᠢᠭᠤᠯᠤᠨ᠂ ᠲᠠᠷᠢᠶᠠᠯᠠᠩ ᠤᠨ ᠰᠡᠷᠭᠡᠶᠢᠯᠡᠨ ᠵᠠᠰᠠᠬᠤ ᠪᠠᠷ ᠰᠠᠭᠤᠷᠢ ᠪᠣᠯᠭᠠᠭᠰᠠᠨ᠂ ᠠᠮᠢᠳᠤ ᠪᠣᠳᠠᠰ ᠤᠨ ᠰᠡᠷᠭᠡᠶᠢᠯᠡᠨ ᠵᠠᠰᠠᠬᠤ᠂ ᠹᠢᠽᠢᠺ ᠤᠨ ᠰᠡᠷᠭᠡᠶᠢᠯᠡᠨ ᠡᠵᠡᠮᠳᠡᠬᠦ᠂ ᠠᠮᠢ ᠠᠬᠤᠶ ᠶᠢᠨ ᠡᠵᠡᠮᠰᠢᠨ ᠲᠤᠬᠢᠷᠠᠭᠤᠯᠭ᠎ᠠ ᠪᠠ ᠰᠢᠨᠵᠢᠯᠡᠬᠦ ᠤᠬᠠᠭᠠᠨᠴᠢ ᠪᠠᠷ ᠡᠮ ᠬᠡᠷᠡᠭᠯᠡᠬᠦ ᠪᠠᠷ ᠭᠤᠣᠯ ᠪᠣᠯᠭᠠᠭᠰᠠᠨ ᠶᠡᠷᠦᠩᠬᠡᠶᠢᠯᠡᠨ ᠰᠡᠷᠭᠡᠶᠢᠯᠡᠨ ᠵᠠᠰᠠᠬᠤ ᠮᠡᠷᠭᠡᠵᠢᠯ ᠤᠨ ᠰᠢᠰᠲ᠋ᠧᠮ ᠢ ᠪᠠᠶᠢᠭᠤᠯᠵᠤ᠂ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠪᠠᠷ ᠬᠢᠮᠢ ᠶᠢᠨ ᠰᠡᠷᠭᠡᠶᠢᠯᠡᠨ ᠵᠠᠰᠠᠬᠤ ᠶᠢ ᠣᠷᠣᠯᠠᠭᠤᠯᠵᠤ᠂ ᠬᠢᠮᠢ ᠶᠢᠨ ᠲᠠᠷᠢᠶᠠᠨ ᠡᠮ ᠳᠤ ᠲᠦᠰᠢᠭᠯᠡᠬᠦ ᠶᠢ ᠪᠠᠭᠠᠰᠬᠠᠨ᠎ᠠ᠃ ᠴᠠᠭᠠᠵᠠᠯᠠᠬᠤ ᠪᠠ ᠬᠢᠵᠠᠭᠠᠷᠯᠠᠬᠤ ᠬᠤᠣᠷ ᠶᠡᠬᠡᠲᠡᠶ ᠲᠠᠷᠢᠶᠠᠨ ᠡᠮ ᠢ ᠬᠠᠤᠯᠢ ᠠᠴᠠ ᠵᠥᠷᠢᠴᠡᠨ ᠦᠢᠯᠡᠳᠴᠦ ᠪᠣᠷᠣᠯᠠᠭᠤᠯᠬᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠬᠤ ᠪᠠᠷ ᠳᠠᠮᠵᠢᠭᠤᠯᠤᠨ᠂ ᠬᠤᠣᠷ ᠪᠠᠭᠠᠲᠠᠶ ᠦᠯᠡᠳᠡᠭᠳᠡᠯ ᠪᠠᠭᠠᠲᠠᠶ ᠲᠠᠷᠢᠶᠠᠨ ᠡᠮ ᠪᠠ ᠠᠮᠢᠳᠤ ᠪᠣᠳᠠᠰ ᠤᠨ ᠲᠠᠷᠢᠶᠠᠨ ᠡᠮ ᠢ ᠶᠡᠭᠡ ᠪᠠᠷ ᠳᠡᠯᠭᠡᠷᠡᠭᠦᠯᠵᠦ᠂ ᠬᠤᠣᠷ ᠶᠡᠬᠡᠲᠡᠶ ᠦᠯᠡᠳᠡᠭᠳᠡᠯ ᠶᠡᠬᠡᠲᠡᠶ ᠲᠠᠷᠢᠶᠠᠨ ᠡᠮ ᠢ ᠪᠦᠲᠦᠮᠵᠢᠲᠡᠶ ᠪᠠᠷ ᠣᠷᠣᠯᠠᠭᠤᠯᠬᠤ ᠶᠢ ᠪᠡᠶᠡᠯᠡᠭᠦᠯᠦᠨ᠎ᠡ᠃ ᠣᠲᠣ ᠦᠶ᠎ᠡ ᠶᠢᠨ ᠥᠨᠳᠥᠷ ᠦᠷ᠎ᠡ ᠠᠰᠢᠭᠲᠤ ᠤᠷᠭᠤᠮᠠᠯ ᠢ ᠬᠠᠮᠠᠭᠠᠯᠠᠬᠤ ᠮᠠᠰᠢᠨ ᠮᠧᠬᠠᠨᠢᠭ ᠢ ᠨᠡᠭᠡᠭᠡᠨ ᠠᠰᠢᠭᠯᠠᠬᠤ ᠪᠠᠷ ᠳᠠᠮᠵᠢᠭᠤᠯᠤᠨ᠂ ᠳᠣᠤᠷ᠎ᠠ ᠦᠷ᠎ᠡ ᠠᠰᠢᠭᠲᠤ ᠭᠠᠷ ᠢᠶᠠᠷ ᠬᠥᠳᠡᠯᠭᠡᠬᠦ ᠮᠠᠨᠠᠨᠲᠤᠭᠤᠯᠤᠨ ᠰᠦᠷᠴᠢᠬᠦ ᠪᠠᠭᠠᠵᠢ ᠬᠡᠷᠡᠭᠰᠡᠯ ᠢ ᠣᠷᠣᠯᠠᠭᠤᠯᠵᠤ᠂ ᠮᠠᠨᠠᠨᠵᠢᠬᠤ ᠪᠠ ᠲᠤᠩᠬᠤ ᠬᠡᠮᠵᠢᠶ᠎ᠡ ᠶᠢ ᠳᠡᠭᠡᠭᠰᠢᠯᠡᠭᠦᠯᠦᠨ᠂ ᠭᠤᠭᠤᠵᠢᠵᠤ ᠭᠡᠭᠡᠭᠳᠡᠬᠦ ᠶᠢ ᠰᠡᠷᠭᠡᠶᠢᠯᠡᠵᠦ᠂ ᠲᠠᠷᠢᠶᠠᠨ ᠡᠮ ᠤᠨ ᠠᠰᠢᠭᠯᠠᠯᠲᠠ ᠶᠢᠨ ᠨᠣᠷᠮ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃      ᠭᠤᠷᠪᠠ ᠳᠤ ︽ᠰᠢᠯᠢᠳᠡᠭᠴᠢᠯᠡᠬᠦ︾᠃ ᠲᠤᠬᠠᠶᠢᠯᠠᠪᠠᠯ ᠨᠠᠷᠢᠯᠢᠭ ᠣᠨᠣᠴᠠᠲᠠᠶ ᠪᠠᠷ ᠡᠮ ᠬᠡᠷᠡᠭᠯᠡᠬᠦ ᠶᠢ ᠬᠡᠷᠡᠭᠵᠢᠭᠦᠯᠦᠨ᠎ᠡ᠃ ᠡᠪᠡᠳᠴᠢᠨ ᠬᠤᠷᠣᠬᠠᠶ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠴᠢᠩᠭᠠᠳᠬᠠᠬᠤ ᠪᠠᠷ ᠳᠠᠮᠵᠢᠭᠤᠯᠤᠨ᠂ ᠡᠪᠡᠳᠴᠢᠨ ᠬᠤᠷᠣᠬᠠᠶ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠨᠡᠶᠢᠲᠡᠯᠡᠵᠦ᠂ ᠰᠡᠷᠭᠡᠶᠢᠯᠡᠨ ᠵᠠᠰᠠᠬᠤ ᠣᠷᠣᠨ ᠪᠦᠰᠡ ᠪᠠ ᠰᠡᠷᠭᠡᠶᠢᠯᠡᠨ ᠵᠠᠰᠠᠬᠤ ᠴᠠᠭ ᠬᠤᠭᠤᠴᠠᠭ᠎ᠠ ᠶᠢ ᠨᠠᠷᠢᠯᠢᠭ ᠣᠨᠣᠴᠠᠲᠠᠶ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠰᠢᠨ᠎ᠡ ᠲᠠᠷᠢᠶᠠᠨ ᠡᠮ᠂ ᠰᠢᠨ᠎ᠡ ᠮᠡᠷᠭᠡᠵᠢᠯ᠂ ᠰᠢᠨ᠎ᠡ ᠦᠢᠯᠡᠳᠬᠦᠨ ᠤ ᠲᠤᠷᠰᠢᠯᠲᠠ ᠶᠢᠨ ᠵᠢᠱᠢᠶ᠎ᠡ ᠦᠵᠡᠭᠦᠯᠬᠦ ᠶᠢ ᠥᠷᠨᠢᠭᠦᠯᠬᠦ ᠪᠠᠷ ᠳᠠᠮᠵᠢᠭᠤᠯᠤᠨ᠂ ᠡᠪᠡᠳᠴᠢᠨ ᠬᠤᠷᠣᠬᠠᠶ ᠶᠢ ᠰᠡᠷᠭᠡᠶᠢᠯᠡᠨ ᠵᠠᠰᠠᠬᠤ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠡᠮ ᠤᠨ ᠨᠠᠶᠢᠷᠠᠯᠭ᠎ᠠ ᠶᠢ ᠳᠣᠭᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠠᠷᠢᠶᠠᠨ ᠭᠠᠵᠠᠷ ᠤᠨ ᠬᠢᠨᠠᠨ ᠬᠡᠮᠵᠢᠯᠲᠡ ᠪᠠᠷ ᠳᠡᠮᠵᠢᠨ᠂ ᠡᠪᠡᠳᠴᠢᠨ ᠬᠤᠷᠣᠬᠠᠶ ᠶᠢᠨ ᠡᠭᠦᠰᠦᠯᠲᠡ ᠶᠢᠨ ᠣᠨᠴᠠᠯᠢᠭ᠂ ᠲᠠᠷᠢᠶᠠᠨ ᠭᠠᠵᠠᠷ ᠤᠨ ᠲᠠᠷᠬᠠᠯᠲᠠ ᠪᠠ ᠲᠠᠷᠢᠮᠠᠯ ᠤᠨ ᠤᠷᠭᠤᠴᠠ ᠶᠢᠨ ᠪᠠᠶᠢᠳᠠᠯ ᠢ ᠣᠨᠣᠪᠴᠢᠲᠠᠶ ᠡᠵᠡᠮᠰᠢᠵᠦ᠂ ᠲᠠᠶᠢᠪᠤᠩ ᠴᠠᠬᠢᠯᠭᠠᠨ ᠢᠶᠠᠷ ᠮᠠᠨᠠᠨ ᠰᠦᠷᠴᠢᠬᠦ᠂ ᠮᠠᠰᠢᠨ ᠢᠶᠠᠷ ᠮᠠᠨᠠᠨ ᠳᠠᠷᠤᠬᠤ᠂ ᠡᠮ ᠤᠨ ᠰᠢᠩᠭᠡᠨ ᠢᠶᠠᠷ ᠬᠠᠲᠠᠭᠠᠬᠤ ᠪᠠ ᠨᠠᠬᠢᠶᠠᠯᠠᠬᠤ ᠠᠴᠠ ᠡᠮᠦᠨ᠎ᠡ ᠪᠢᠲᠡᠭᠦᠮᠵᠢᠯᠡᠬᠦ ᠵᠡᠷᠭᠡ ᠥᠨᠳᠥᠷ ᠦᠷ᠎ᠡ ᠪᠦᠲᠦᠮᠵᠢᠲᠡᠶ ᠡᠮ ᠣᠷᠣᠭᠤᠯᠬᠤ ᠠᠷᠭ᠎ᠠ ᠮᠠᠶ᠋ᠢᠭ ᠢ ᠠᠮᠢᠳᠤᠯᠢᠭ ᠢᠶᠠᠷ ᠰᠣᠩᠭᠤᠵᠤ᠂ ᠨᠠᠷᠢᠯᠢᠭ ᠣᠨᠣᠴᠠᠲᠠᠶ ᠪᠠᠷ ᠡᠮ ᠣᠷᠣᠭᠤᠯᠬᠤ ᠶᠢ ᠪᠡᠶᠡᠯᠡᠭᠦᠯᠦᠨ᠎ᠡ᠃      ᠲᠦᠷᠪᠡ ᠳᠤ ︽ᠨᠢᠭᠡᠳᠬᠡᠬᠦ︾᠃ ᠳᠠᠷᠤᠶ ᠡᠪᠡᠳᠴᠢᠨ ᠬᠤᠷᠣᠬᠠᠶ ᠶᠢᠨ ᠲᠤᠰᠬᠠᠶ ᠮᠡᠷᠭᠡᠵᠢᠯ ᠤᠨ ᠨᠢᠭᠡᠳᠦᠯᠲᠡᠢ ᠰᠡᠷᠭᠡᠶᠢᠯᠡᠨ ᠨᠢᠭᠡᠳᠦᠯᠲᠡᠢ ᠵᠠᠰᠠᠬᠤ ᠶᠢ ᠬᠡᠷᠡᠭᠵᠢᠭᠦᠯᠦᠨ᠎ᠡ᠃ ᠵᠢᠯᠣᠭᠤᠳᠬᠤ ᠦᠵᠡᠯ ᠰᠠᠨᠠᠭᠠᠨ ᠤ ᠲᠠᠯ᠎ᠠ ᠪᠠᠷ᠂ ︽ᠵᠠᠰᠠᠭ ᠤᠨ ᠣᠷᠳᠣᠨ ᠠᠴᠠ ᠬᠥᠲᠥᠯᠥᠨ ᠵᠢᠯᠣᠭᠤᠳᠬᠤ᠂ ᠵᠠᠬ᠎ᠠ ᠳᠡᠯᠭᠡᠭᠦᠷ ᠢᠶᠠᠷ ᠭᠤᠣᠯ ᠴᠣᠭᠴᠠ ᠪᠣᠯᠭᠠᠬᠤ᠂ ᠲᠠᠷᠢᠶᠠᠴᠢᠳ ᠰᠠᠶᠢᠨ ᠳᠤᠷ᠎ᠠ ᠠᠴᠠ ᠪᠠᠨ ᠪᠠᠶᠢᠬᠤ᠂ ᠠᠯᠬᠤᠮ ᠲᠠᠷᠠᠭ᠎ᠠ ᠲᠠᠢ ᠪᠠᠷ ᠤᠷᠤᠭᠰᠢᠯᠠᠬᠤ︾ ᠵᠠᠷᠴᠢᠮ ᠢ ᠪᠠᠷᠢᠮᠲᠠᠯᠠᠵᠤ᠂ ᠪᠦᠬᠦᠯᠢ ᠬᠡᠰᠡᠭ᠂ ᠪᠦᠬᠦᠯᠢ ᠲᠣᠰᠬᠤᠨ᠂ ᠪᠦᠬᠦᠯᠢ ᠰᠢᠶᠠᠩ ᠪᠦᠬᠦᠯᠢ ᠪᠠᠶᠢᠭᠤᠯᠤᠮᠵᠢ ᠶᠢᠨ ᠲᠦᠷᠢᠮ ᠢᠶᠠᠷ ᠲᠤᠰᠬᠠᠶᠢᠵᠢᠭᠰᠠᠨ ᠨᠢᠭᠡᠳᠦᠯᠲᠡᠢ ᠰᠡᠷᠭᠡᠶᠢᠯᠡᠨ ᠨᠢᠭᠡᠳᠦᠯᠲᠡᠢ ᠵᠠᠰᠠᠬᠤ ᠶᠢ ᠲᠦᠯᠬᠢᠨ ᠠᠬᠢᠭᠤᠯᠤᠨ᠎ᠠ᠃ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠶᠢᠨ ᠲᠠᠯ᠎ᠠ ᠪᠠᠷ᠂ ᠲᠤᠰᠬᠠᠶᠢᠵᠢᠭᠰᠠᠨ ᠡᠩᠨᠡᠭᠡ ᠪᠠᠷ ᠲᠠᠷᠢᠶᠠᠴᠢᠨ ᠤ ᠭᠠᠭᠴᠠ ᠡᠷᠦᠬᠡ ᠪᠠᠷ ᠰᠡᠷᠭᠡᠶᠢᠯᠡᠨ ᠵᠠᠰᠠᠬᠤ ᠶᠢ ᠣᠷᠣᠯᠠᠭᠤᠯᠵᠤ᠂ ᠲᠠᠷᠢᠶᠠᠯᠠᠩ ᠤᠨ ᠮᠠᠰᠢᠨ ᠤ ᠤᠷᠭᠤᠮᠠᠯ ᠤᠨ ᠬᠠᠮᠠᠭᠠᠯᠠᠯᠲᠠ ᠶᠢᠨ ᠲᠤᠰᠬᠠᠶ ᠠᠵᠢᠯ ᠤᠨ ᠬᠤᠷᠰᠢᠶ᠎ᠠ᠂ ᠤᠷᠭᠤᠮᠠᠯ ᠤᠨ ᠬᠠᠮᠠᠭᠠᠯᠠᠯᠲᠠ ᠶᠢᠨ ᠬᠤᠪᠢ ᠣᠷᠣᠭᠤᠯᠤᠭᠰᠠᠨ ᠦᠢᠯᠡᠴᠢᠯᠡᠭᠡᠨ ᠤ ᠺᠣᠮᠫᠠᠨᠢ ᠵᠡᠷᠭᠡ ᠤᠷᠭᠤᠮᠠᠯ ᠤᠨ ᠬᠠᠮᠠᠭᠠᠯᠠᠯᠲᠠ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠶᠡᠭᠡ ᠪᠠᠷ ᠲᠡᠳᠬᠦᠨ ᠳᠡᠮᠵᠢᠵᠦ᠂ ᠲᠣᠨᠣᠭᠯᠠᠯ ᠨᠢ ᠣᠳᠣᠬᠢᠴᠢᠯᠠᠭᠰᠠᠨ᠂ ᠦᠢᠯᠡᠴᠢᠯᠡᠭᠡ ᠶᠢ ᠨᠡᠶᠢᠭᠡᠮᠴᠢᠯᠡᠭᠰᠡᠨ ᠡᠪᠡᠳᠴᠢᠨ ᠬᠤᠷᠣᠬᠠᠶ ᠶᠢ ᠰᠡᠷᠭᠡᠶᠢᠯᠡᠨ ᠵᠠᠰᠠᠬᠤ ᠨᠢᠭᠡ ᠪᠦᠯᠦᠭ ᠭᠤᠣᠯ ᠬᠦᠴᠦᠨ ᠢ ᠪᠤᠶᠢᠵᠢᠭᠤᠯᠤᠨ᠎ᠠ᠃ ᠦᠢᠯᠡᠴᠢᠯᠡᠭᠡᠨ ᠤ ᠠᠷᠭ᠎ᠠ ᠮᠠᠶ᠋ᠢᠭ ᠤᠨ ᠲᠠᠯ᠎ᠠ ᠪᠠᠷ᠂ ᠳᠠᠭᠠᠭᠠᠴᠢᠯᠠᠨ ᠠᠪᠴᠤ ᠰᠡᠷᠭᠡᠶᠢᠯᠡᠨ ᠵᠠᠰᠠᠬᠤ᠂ ᠳᠠᠩ ᠴᠢᠭᠯᠡᠯ ᠠᠴᠠ ᠰᠡᠷᠭᠡᠶᠢᠯᠡᠨ ᠵᠠᠰᠠᠬᠤ᠂ ᠣᠷᠣᠯᠠᠨ ᠬᠤᠳᠠᠯᠳᠤᠨ ᠠᠪᠴᠤ ᠣᠷᠣᠯᠠᠨ ᠵᠠᠰᠠᠬᠤ᠂ ᠮᠦ ᠲᠠᠷᠢᠶ᠎ᠠ ᠪᠠᠷ ᠰᠦᠢᠳᠬᠡᠯ ᠬᠤᠷᠢᠶᠠᠬᠤ ᠵᠡᠷᠭᠡ ᠲᠣᠪᠶᠤᠭ ᠤᠨ ᠮᠠᠶ᠋ᠢᠭ ᠤᠨ ᠦᠢᠯᠡᠴᠢᠯᠡᠭᠡ ᠶᠢ ᠭᠠᠷᠭᠠᠵᠤ᠂ ᠲᠠᠷᠢᠶᠠᠴᠢᠳ ᠤᠨ ︽ᠨᠣᠭᠤᠭ᠎ᠠ ᠵᠠᠬᠢᠶᠠᠯᠠᠬᠤ︾ ᠳᠤ ᠲᠦᠬᠦᠮ ᠦᠵᠡᠭᠦᠯᠵᠦ᠂ ᠨᠢᠭᠡᠳᠦᠯᠲᠡᠢ ᠰᠡᠷᠭᠡᠶᠢᠯᠡᠨ ᠨᠢᠭᠡᠳᠦᠯᠲᠡᠢ ᠵᠠᠰᠠᠬᠤ ᠪᠦᠷᠬᠦᠴᠡ ᠶᠢᠨ ᠨᠤᠷᠮ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃      ᠳᠥᠷᠪᠡ᠂ ᠠᠵᠢᠯ ᠤᠨ ᠪᠠᠲᠤᠯᠠᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠬᠤ ᠬᠡᠷᠡᠭᠲᠡᠢ᠃ 2024 ᠣᠨ ᠳᠤ ᠪᠥᠬᠦ ᠲᠤᠭᠤᠷᠢᠭ ᠤᠨ ᠬᠠᠷᠠᠯᠲᠠ ᠶᠢᠨ ᠨᠢᠭᠡᠳᠦᠯᠲᠡᠢ ᠰᠡᠷᠭᠡᠶᠢᠯᠡᠨ ᠨᠢᠭᠡᠳᠦᠯᠲᠡᠢ ᠵᠠᠰᠠᠬᠤ ᠶᠢ 2 ᠲᠦᠮᠡᠨ ᠮᠥ ᠠᠴᠠ ᠳᠡᠭᠡᠭᠰᠢ ᠳᠤ ᠬᠦᠷᠦᠭᠦᠯᠦᠨ᠎ᠡ᠃ ᠪᠠᠭ᠎ᠠ ᠲᠦᠷᠭᠡᠨ ᠭᠤᠤᠯ ᠪᠠᠯᠭᠠᠰᠤ᠂ ᠡᠭᠦᠯᠡᠨ ᠳᠤᠮᠳᠠ ᠵᠠᠮ ᠤᠨ ᠣᠷᠣᠨ ᠪᠦᠰᠡ ᠶᠢᠨ ᠦᠢᠯᠡᠴᠢᠯᠡᠭᠡᠨ ᠤ ᠲᠥᠪ᠂ ᠲᠠᠷᠢᠶᠠᠯᠠᠩ ᠳᠤ ᠬᠤᠯᠪᠣᠭᠳᠠᠬᠤ ᠡᠯ᠎ᠡ ᠬᠡᠷᠡᠭ ᠡᠷᠬᠢᠯᠡᠬᠦ ᠭᠠᠵᠠᠷ ᠤᠨ ᠬᠢᠨ ᠲᠠᠨᠢᠯᠲᠠ ᠪᠠᠨ ᠳᠡᠭᠡᠭᠰᠢᠯᠡᠭᠦᠯᠵᠦ᠂ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠲᠠᠷᠢᠶᠠᠯᠠᠩ ᠤᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠬᠥᠭᠵᠢᠯᠲᠡ ᠶᠢᠨ ᠴᠢᠬᠤᠯᠠ ᠭᠠᠷᠳᠠᠴᠠ ᠪᠣᠯᠭᠠᠵᠤ᠂ ᠤᠳᠤᠷᠢᠳᠬᠤ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠬᠢᠨᠠᠯᠲᠠ ᠲᠠᠯᠪᠢᠵᠤ ᠵᠢᠯᠣᠭᠤᠳᠬᠤ ᠪᠠᠨ ᠴᠢᠩᠭᠠᠳᠬᠠᠵᠤ᠂ ᠬᠠᠷᠠᠯᠲᠠ ᠶᠢᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠬᠢᠮᠢ ᠶᠢᠨ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ ᠶᠢ ᠦᠷᠭᠦᠯᠵᠢᠯᠡᠨ ᠠᠬᠢᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃      ︵ᠬᠤᠶᠠᠷ︶ ᠮᠡᠷᠭᠡᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠲᠤᠰᠬᠠᠶᠢᠵᠢᠭᠰᠠᠨ ᠨᠢᠭᠡᠳᠦᠯᠲᠡᠢ ᠰᠡᠷᠭᠡᠶᠢᠯᠡᠨ ᠨᠢᠭᠡᠳᠦᠯᠲᠡᠢ ᠵᠠᠰᠠᠬᠤ ᠡᠷᠴᠢᠮ ᠢᠶᠠᠨ ᠴᠢᠩᠭᠠᠷᠠᠭᠤᠯᠤᠨ᠎ᠠ᠃ ᠠᠮᠤ ᠪᠤᠳᠠᠭᠠᠨ ᠤ ᠥᠨᠳᠥᠷ ᠬᠤᠷᠢᠶᠠᠯᠲᠠ ᠶᠢ ᠡᠭᠦᠳᠦᠨ ᠪᠠᠶᠢᠭᠤᠯᠬᠤ ᠣᠷᠣᠨ ᠪᠠ ᠡᠪᠡᠳᠴᠢᠨ ᠬᠤᠷᠣᠬᠠᠶ ᠲᠠᠬᠢᠨ ᠡᠭᠦᠰᠳᠡᠭ ᠣᠷᠣᠨ ᠳᠤ ᠴᠥᠮ ᠲᠤᠰᠬᠠᠶᠢᠵᠢᠭᠰᠠᠨ ᠨᠢᠭᠡᠳᠦᠯᠲᠡᠢ ᠰᠡᠷᠭᠡᠶᠢᠯᠡᠨ ᠨᠢᠭᠡᠳᠦᠯᠲᠡᠢ ᠵᠠᠰᠠᠬᠤ ᠶᠢ ᠬᠡᠷᠡᠭᠵᠢᠭᠦᠯᠦᠨ᠎ᠡ᠃ ᠤᠷᠭᠤᠮᠠᠯ ᠤᠨ ᠬᠠᠮᠠᠭᠠᠯᠠᠯᠲᠠ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠢᠳᠡᠪᠬᠢᠲᠡᠶ ᠪᠠᠷ ᠵᠣᠬᠢᠶᠠᠨ ᠪᠠᠶᠢᠭᠤᠯᠵᠤ᠂ ᠵᠠᠬ᠎ᠠ ᠳᠡᠯᠭᠡᠭᠦᠷ ᠤᠨ ᠲᠣᠭᠲᠠᠴᠠ ᠶᠢ ᠬᠡᠷᠡᠭᠯᠡᠨ᠂ ᠲᠤᠰᠬᠠᠶᠢᠵᠢᠭᠰᠠᠨ ᠨᠢᠭᠡᠳᠦᠯᠲᠡᠢ ᠰᠡᠷᠭᠡᠶᠢᠯᠡᠨ ᠨᠢᠭᠡᠳᠦᠯᠲᠡᠢ ᠵᠠᠰᠠᠬᠤ ᠵᠠᠬ᠎ᠠ ᠳᠡᠯᠭᠡᠭᠦᠷ ᠢ ᠪᠤᠵᠠᠭᠠᠶᠢᠷᠠᠭᠤᠯᠤᠨ᠎ᠠ᠃      ︵ᠭᠤᠷᠪᠠ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠷᠠᠭᠤᠯᠬᠤ ᠬᠡᠷᠡᠭᠲᠡᠢ᠃ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠦᠴᠦᠨ ᠢ ᠨᠢᠭᠡᠳᠦᠯᠲᠡᠶ ᠲᠥᠯᠥᠪᠯᠡᠵᠦ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠷᠠᠭᠤᠯᠤᠨ᠂ ᠲᠥᠷᠥᠯ ᠵᠦᠢᠯ ᠪᠠ ᠪᠠᠯᠠ ᠮᠥᠩᠭᠦ ᠶᠢ ᠢᠳᠡᠪᠬᠢᠯᠡᠨ ᠣᠯᠵᠤ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ᠂ ᠲᠠᠷᠢᠶᠠᠯᠠᠩ ᠤᠨ ᠦᠢᠯᠡᠳᠪᠦᠷᠢᠯᠡᠯ ᠤᠨ ᠭᠠᠮᠰᠢᠭ ᠠᠴᠠ ᠠᠪᠤᠷᠬᠠᠤ ᠨᠥᠬᠦᠪᠥᠷᠢ ᠶᠢᠨ ᠪᠠᠯᠠ ᠮᠥᠩᠭᠦ᠂ ᠲᠠᠷᠢᠮᠠᠯ ᠤᠨ ᠬᠦᠨᠳᠦ ᠶᠡᠭᠡ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠨᠥᠬᠦᠪᠥᠷᠢ ᠶᠢᠨ ᠪᠠᠯᠠ ᠮᠥᠩᠭᠦ ᠪᠠ ᠬᠠᠮᠢᠶ᠎ᠠ ᠪᠥᠬᠦᠶ ᠲᠥᠷᠥᠯ ᠵᠦᠢᠯ ᠢ ᠬᠡᠷᠡᠭᠵᠢᠭᠦᠯᠬᠦ ᠦᠶ᠎ᠡ ᠳᠤ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠶᠢ ᠴᠢᠬᠤᠯᠠ ᠠᠭᠤᠯᠭ᠎ᠠ ᠪᠣᠯᠭᠠᠨ᠎ᠠ᠃      ︵ᠳᠥᠷᠪᠡ︶ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠬᠤ ᠬᠡᠷᠡᠭᠲᠡᠢ᠃ ᠤᠬᠠᠭᠤᠯᠭ᠎ᠠ ᠶᠢᠨ ᠠᠵᠢᠯ ᠤᠨ ᠲᠥᠯᠥᠪᠯᠡᠭᠡ ᠲᠣᠭᠲᠠᠭᠠᠵᠤ᠂ ︽ᠰᠢᠨᠵᠢᠯᠡᠬᠦ ᠤᠬᠠᠭᠠᠨᠴᠢ ᠪᠠᠷ ᠡᠮ ᠬᠡᠷᠡᠭᠯᠡᠬᠦ ᠶᠢ ᠲᠦᠮᠡᠨ ᠡᠷᠦᠬᠡ ᠳᠤ ᠣᠷᠣᠭᠤᠯᠬᠤ︾᠂ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠨ ᠬᠤᠤᠷ ᠬᠥᠨᠥᠭᠡᠯ ᠢ ᠬᠢᠵᠠᠭᠠᠷᠯᠠᠬᠤ ᠠᠵᠢᠯ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ᠲᠠᠷᠢᠶᠠᠴᠢᠳ ᠤᠨ ᠲᠠᠷᠢᠶᠠᠨ ᠭᠠᠵᠠᠷ ᠤᠨ ᠰᠤᠷᠭᠠᠭᠤᠯᠢ ᠪᠠ ᠲᠤᠬᠠᠶ ᠶᠢᠨ ᠲᠠᠯᠠᠪᠤᠷ ᠤᠨ ᠦᠵᠡᠭᠦᠯᠦᠯᠭᠡ ᠶᠢᠨ ᠠᠵᠢᠯᠯᠠᠭ᠎ᠠ ᠶᠢ ᠡᠷᠬᠢᠯᠡᠵᠦ᠂ ᠲᠠᠷᠢᠶᠠᠯᠠᠩ ᠤᠨ ᠵᠠᠩᠭᠢᠯᠠᠭ᠎ᠠ ᠶᠢᠨ ᠤᠯᠠᠷᠢᠯ ᠳᠤ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠲᠠᠷᠢᠶᠠᠨ ᠭᠠᠵᠠᠷ ᠤᠨ ᠲᠣᠭᠤᠷᠢᠨ ᠵᠢᠯᠣᠭᠤᠳᠬᠤ ᠪᠠ ᠲᠤᠬᠠᠶ ᠶᠢᠨ ᠲᠠᠯᠠᠪᠤᠷ ᠤᠨ ᠮᠡᠷᠭᠡᠵᠢᠯ ᠤᠨ ᠦᠢᠯᠡᠴᠢᠯᠡᠭᠡ ᠶᠢ ᠥᠷᠨᠢᠭᠦᠯᠵᠦ᠂ ᠲᠠᠷᠢᠶᠠᠴᠢᠳ ᠤᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠲᠠᠷᠢᠶᠠᠨ ᠭᠠᠵᠠᠷ ᠤᠨ ᠡᠪᠡᠳᠴᠢᠨ ᠬᠤᠷᠣᠬᠠᠶ ᠶᠢᠨ ᠬᠠᠮᠢᠶᠠᠷᠤᠯᠲᠠ ᠶᠢ ᠰᠠᠶᠢᠲᠤᠷ ᠠᠳᠬᠤᠬᠤ ᠶᠢ ᠵᠢᠯᠣᠭᠤᠳᠴᠤ᠂ ᠲᠠᠷᠢᠶᠠᠴᠢᠳ ᠤᠨ ᠰᠢᠨᠵᠢᠯᠡᠬᠦ ᠤᠬᠠᠭᠠᠨᠴᠢ ᠪᠠᠷ ᠡᠮ ᠬᠡᠷᠡᠭᠯᠡᠬᠦ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠮᠡᠷᠭᠡᠵᠢᠯ ᠤᠨ ᠠᠵᠢᠯᠳᠠᠨ᠂ ᠲᠠᠷᠢᠶᠠᠨ ᠡᠮ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠤ ᠮᠡᠷᠭᠡᠵᠢᠯ ᠤᠨ ᠪᠣᠯᠪᠠᠰᠤᠷᠠᠭᠤᠯᠤᠯ ᠢ ᠬᠠᠨᠳᠤᠯᠭᠠᠲᠤ ᠴᠢᠨᠠᠷᠲᠠᠶ ᠪᠠᠷ ᠥᠷᠨᠢᠭᠦᠯᠦᠨ᠎ᠡ᠃ ᠷᠠᠳᠢᠣ᠋ ᠨᠡᠪᠲᠡᠷᠡᠭᠦᠯᠭᠡ᠂ ᠰᠠᠮᠪᠠᠷ᠎ᠠ ᠶᠢᠨ ᠰᠣᠨᠢᠨ᠂ ᠲᠣᠪᠴᠢ ᠮᠡᠳᠡᠭᠡ᠂ ᠪᠣᠯᠪᠠᠰᠤᠷᠠᠭᠤᠯᠤᠯ ᠤᠨ ᠬᠤᠷᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠯᠠᠪᠤᠷ ᠲᠤ ᠣᠴᠢᠬᠤ᠂ ᠮᠡᠷᠭᠡᠵᠢᠯ ᠤᠨ ᠮᠠᠲ᠋ᠧᠷᠢᠶᠠᠯ ᠳᠠᠷᠤᠮᠠᠯᠯᠠᠨ ᠲᠠᠷᠬᠠᠭᠠᠬᠤ ᠵᠡᠷᠭᠡ ᠤᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠨ ᠬᠤᠣᠷ ᠬᠥᠨᠥᠭᠡᠯ ᠢ ᠬᠢᠵᠠᠭᠠᠷᠯᠠᠬᠤ ᠠᠵᠢᠯᠯᠠᠭ᠎ᠠ ᠶᠢᠨ ᠴᠢᠬᠤᠯᠠ ᠠᠴᠢ ᠬᠤᠯᠪᠣᠭᠳᠠᠯ᠂ ᠪᠣᠳᠠᠲᠠᠶ ᠠᠷᠭ᠎ᠠ ᠬᠡᠮᠵᠢᠶ᠎ᠡ᠂ ᠭᠤᠣᠯ ᠪᠣᠯᠬᠤ ᠮᠡᠷᠭᠡᠵᠢᠯ ᠢ ᠥᠷᠭᠡᠨ ᠢᠶᠠᠷ ᠤᠬᠠᠭᠤᠯᠵᠤ᠂ ᠤᠯᠠᠨ ᠲᠦᠮᠡᠨ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠡᠮ ᠬᠡᠷᠡᠭᠯᠡᠬᠦ ᠮᠠᠭᠤ ᠳᠠᠳᠬᠠᠯ ᠢ ᠨᠢ ᠬᠤᠪᠢᠷᠠᠭᠤᠯᠵᠤ᠂ ᠤᠳᠤᠷᠢᠳᠤᠯᠭ᠎ᠠ ᠴᠢᠬᠤᠯᠠᠴᠢᠯᠠᠭᠰᠠᠨ᠂ ᠨᠡᠶᠢᠭᠡᠮ ᠤᠨ ᠳᠡᠮᠵᠢᠯᠭᠡ᠂ ᠤᠯᠠᠨ ᠲᠦᠮᠡᠨ ᠣᠷᠣᠯᠴᠠᠭᠰᠠᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号