ᠢᠦᠶ ᠴᠢᠤᠸᠠᠨ ᠲᠣᠭᠤᠷᠢᠭ᠄ ︽ᠥᠨᠳᠥᠷ ᠪᠦᠲᠦᠮᠵᠢᠲᠡᠶ ᠪᠠᠷ ᠨᠢᠭᠡ ᠤᠴᠢᠷ ᠶᠠᠪᠤᠳᠠᠯ ᠢ ᠭᠦᠢᠴᠡᠳᠭᠡᠬᠦ︾  ᠶᠢ ᠬᠡᠷᠡᠭᠵᠢᠭᠦᠯᠵᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦ ᠨᠡᠮᠡᠷᠢᠯᠡᠨ᠎ᠡ
ᠨᠡᠶᠢᠲᠡᠯᠡᠭᠰᠡᠨ ᠴᠠᠭ᠄
2024/4/26
     ᠡᠨᠡ ᠵᠢᠯ ᠠᠴᠠ ᠨᠠᠭᠠᠰᠢ᠂ ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ  ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠥᠨᠳᠥᠷ ᠪᠦᠲᠦᠮᠵᠢᠲᠡᠶ ᠪᠠᠷ ᠨᠢᠭᠡ ᠤᠴᠢᠷ ᠶᠠᠪᠤᠳᠠᠯ ᠢ ᠭᠦᠢᠴᠡᠳᠭᠡᠬᠦ︾ ᠥᠭᠡᠷᠡᠴᠢᠯᠡᠯᠲᠡ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠥᠩᠭᠡᠷᠡᠭᠰᠡᠨ ᠤ ᠰᠠᠯᠠᠭ᠎ᠠ ᠮᠥᠴᠢᠷ ᠤᠨ ᠬᠤᠯᠪᠣᠭᠠᠯᠠᠵᠤ ᠪᠠᠶᠢᠭᠰᠠᠨ ︽ᠨᠡᠮᠡᠬᠦ ᠠᠷᠭ᠎ᠠ︾ ᠶᠢ ᠬᠠᠮᠵᠢᠯᠴᠠᠨ ᠬᠠᠮᠲᠤᠷᠠᠨ ᠭᠦᠢᠴᠡᠳᠭᠡᠬᠦ ︽ᠬᠠᠰᠤᠬᠤ ᠠᠷᠭ᠎ᠠ︾ ᠪᠣᠯᠭᠠᠨ ᠬᠤᠪᠢᠷᠠᠭᠤᠯᠪᠠ᠃ ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ︽ᠥᠨᠳᠥᠷ ᠪᠦᠲᠦᠮᠵᠢᠲᠡᠶ ᠪᠠᠷ ᠨᠢᠭᠡ ᠤᠴᠢᠷ ᠶᠠᠪᠤᠳᠠᠯ ᠢ ᠭᠦᠢᠴᠡᠳᠭᠡᠬᠦ︾ ᠭᠤᠣᠯᠳᠠᠯᠭ᠎ᠠ ᠲᠠᠢ ᠤᠴᠢᠷ ᠶᠠᠪᠤᠳᠠᠯ ᠤᠨ ᠨᠠᠷᠢᠨ ᠳᠠᠩᠰᠠ ᠶᠢᠨ ᠬᠠᠮᠢᠶᠠᠷᠤᠯᠲᠠ ᠶᠢᠨ ᠲᠣᠭᠲᠠᠴᠠ ᠪᠠ ᠪᠠᠶᠢᠩᠭᠤᠵᠢᠭᠤᠯᠤᠨ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠲᠤᠬᠠᠶᠢᠯᠠᠭᠰᠠᠨ ᠠᠵᠢᠯ ᠤᠨ ᠨᠢᠷᠤᠭᠤᠪᠴᠢ ᠬᠦᠴᠦᠨ ᠢ ᠨᠡᠮᠡᠭᠳᠡᠭᠦᠯᠬᠦ ᠪᠠᠷ ᠳᠠᠮᠵᠢᠭᠤᠯᠤᠨ᠂ ᠲᠤᠰᠬᠠᠶ ᠵᠦᠢᠯ ᠤᠨ ᠪᠣᠯᠪᠠᠰᠤᠷᠠᠭᠤᠯᠤᠯ ᠥᠷᠨᠢᠭᠦᠯᠵᠦ᠂ ᠴᠣᠩᠬᠤᠪᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠬᠥᠲᠥᠯᠦᠨ ᠵᠢᠯᠣᠭᠤᠳᠬᠤ᠂ ᠬᠠᠪᠰᠤᠷᠤᠨ ᠭᠦᠢᠴᠡᠳᠭᠡᠬᠦ᠂ ᠣᠷᠣᠯᠠᠨ ᠭᠦᠢᠴᠡᠳᠭᠡᠬᠦ ᠦᠢᠯᠡᠴᠢᠯᠡᠭᠡ ᠶᠢ ᠬᠡᠷᠡᠭᠵᠢᠭᠦᠯᠵᠦ᠂ ᠠᠵᠢᠯᠲᠠᠨ ᠪᠠ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ︽ᠨᠢᠭᠡ ᠳᠤ ᠨᠢᠭᠡ ᠶᠢᠨ︾ ᠵᠠᠶ ᠵᠠᠪᠰᠠᠷ ᠥᠬᠡᠶ ᠨᠡᠪᠲᠡᠷᠡᠯᠴᠡᠨ ᠰᠣᠯᠢᠯᠴᠠᠵᠤ᠂ ᠬᠢᠨᠠᠨ ᠵᠥᠪᠰᠢᠶᠡᠷᠡᠭᠦᠯᠬᠦ ᠭᠤᠶᠤᠴᠢᠯᠠᠯ ᠤᠨ ᠨᠢᠭᠡ ᠯᠡ ᠤᠳᠠᠭ᠎ᠠ ᠳᠤ ᠨᠡᠪᠲᠡᠷᠡᠬᠦ ᠨᠣᠷᠮ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ ᠣᠯᠠᠨ ᠲᠦᠮᠡᠨ ᠤ ᠤᠴᠢᠷ ᠶᠠᠪᠤᠳᠠᠯ ᠭᠦᠢᠴᠡᠳᠭᠡᠬᠦ ᠬᠢᠨᠠᠨ ᠵᠥᠪᠰᠢᠶᠡᠷᠡᠯ ᠤᠨ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃
     ᠲᠠᠨᠢᠯᠴᠠᠭᠤᠯᠤᠭᠰᠠᠨ ᠢᠶᠠᠷ᠂ ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠣᠯᠠᠨ ᠰᠠᠯᠠᠭ᠎ᠠ ᠮᠥᠴᠢᠷ ᠤᠨ ᠰᠢᠢᠳᠪᠦᠷᠢᠯᠡᠵᠦ ᠪᠠᠶᠢᠭ᠎ᠠ ︽ᠭᠠᠭᠴᠠ ᠤᠴᠢᠷ ᠶᠠᠪᠤᠳᠠᠯ︾ ᠢ ᠤᠴᠢᠷ ᠶᠠᠪᠤᠳᠠᠯ ᠭᠦᠢᠴᠡᠳᠭᠡᠬᠦ ᠣᠯᠠᠨ ᠲᠦᠮᠡᠨ ᠤ ᠬᠠᠷᠠᠭᠠᠨ ᠳᠠᠬᠢ ︽ᠨᠢᠭᠡ ᠯᠡ ᠤᠴᠢᠷ ᠶᠠᠪᠤᠳᠠᠯ︾ ᠪᠣᠯᠭᠠᠵᠤ᠂ ᠰᠦᠯᠵᠢᠶᠡᠨ ᠠᠴᠠ ᠭᠠᠳᠠᠨᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠨᠢᠭᠡ ᠯᠡ ᠡᠭᠦᠳᠡ ᠪᠠᠷ ᠤᠷᠤᠬᠤ᠂ ᠨᠢᠭᠡ ᠯᠡ ᠴᠤᠩᠬᠤᠪᠴᠢ ᠪᠠᠷ ᠨᠡᠶᠢᠳᠡᠮ ᠰᠢᠢᠳᠪᠦᠷᠢᠯᠡᠬᠦ᠂ ᠬᠠᠮᠤᠭ ᠤᠯᠠᠨ ᠳᠠᠭᠠᠨ ᠨᠢᠭᠡ ᠤᠳᠠᠭ᠎ᠠ ᠭᠦᠶᠦᠯᠭᠡᠬᠦ︾ ᠶᠢ ᠳᠥᠯᠭᠢᠨ ᠠᠬᠢᠭᠤᠯᠵᠤ᠂ ︽ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾ ᠥᠭᠡᠷᠡᠴᠢᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠶᠡᠷᠦᠩᠬᠡᠶᠢᠯᠡᠭᠰᠡᠨ ᠴᠤᠩᠬᠤᠪᠴᠢ︾ ᠵᠡᠷᠭᠡ ᠠᠷᠭ᠎ᠠ ᠬᠡᠮᠵᠢᠶ᠎ᠡ ᠶᠢ ᠠᠬᠢᠭᠤᠯᠤᠨ᠂ ᠦᠢᠯᠡᠴᠢᠯᠡᠭᠡ ᠶᠢ ᠨᠠᠩ ᠢᠯᠡᠭᠦᠤ ᠬᠤᠷᠠᠮᠳᠤᠭᠤᠯᠤᠨ ᠥᠨᠳᠥᠷ ᠪᠦᠲᠦᠮᠵᠢᠲᠡᠶ ᠪᠣᠯᠭᠠᠵᠤ᠂ ᠤᠴᠢᠷ ᠶᠠᠪᠤᠳᠠᠯ ᠭᠦᠢᠴᠡᠳᠭᠡᠬᠦ ᠣᠯᠠᠨ ᠲᠦᠮᠡᠨ ᠢ ᠳᠤᠲᠠᠭᠤ ᠭᠦᠶᠦᠯᠭᠡᠵᠦ᠂ ᠮᠠᠲ᠋ᠧᠷᠢᠶᠠᠯ ᠢ ᠳᠥᠭᠦᠮᠴᠢᠯᠡᠨ᠂ ᠴᠠᠭ ᠤᠨ ᠬᠢᠵᠠᠭᠠᠷ ᠢ ᠪᠠᠭᠠᠰᠬᠠᠵᠤ᠂ ᠤᠴᠢᠷ ᠶᠠᠪᠤᠳᠠᠯ ᠭᠦᠢᠴᠡᠳᠭᠡᠬᠦ ᠣᠯᠠᠨ ᠲᠦᠮᠡᠨ ᠤ ᠮᠠᠭᠲᠠᠭᠠᠯ ᠰᠠᠶᠢᠰᠢᠶᠠᠯ ᠢ ᠤᠯᠪᠠ᠃
     ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠥᠨᠳᠥᠷ ᠪᠦᠲᠦᠮᠵᠢᠲᠡᠶ ᠪᠠᠷ ᠨᠢᠭᠡ ᠤᠴᠢᠷ ᠶᠠᠪᠤᠳᠠᠯ ᠢ ᠭᠦᠢᠴᠡᠳᠭᠡᠬᠦ ᠴᠤᠩᠬᠤᠪᠴᠢ ᠪᠠᠶᠢᠭᠤᠯᠤᠭᠳᠠᠭᠰᠠᠨ ᠠᠴᠠ ᠨᠠᠭᠠᠰᠢ᠂ ᠪᠣᠯᠪᠠᠰᠤᠷᠠᠭᠤᠯᠤᠯ ᠥᠷᠨᠢᠭᠦᠯᠬᠦ᠂  ᠦᠢᠯᠡᠴᠢᠯᠡᠭᠡ ᠶᠢ ᠳᠡᠭᠡᠭᠰᠢᠯᠡᠭᠦᠯᠬᠦ ᠪᠠᠷ ᠭᠠᠷᠳᠠᠴᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠣᠯᠠᠨ ᠲᠦᠮᠡᠨ ᠤ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠰᠢᠨ᠎ᠡ ᠶᠢ ᠡᠭᠦᠳᠬᠦ ᠴᠢᠳᠠᠪᠤᠷᠢ ᠶᠢ ᠬᠤᠷᠠᠮᠳᠤᠭᠤᠯᠤᠨ᠂ ᠬᠥᠭᠵᠢᠯᠲᠡ ᠶᠢᠨ ᠪᠠᠶᠢᠳᠠᠯ ᠢ ᠠᠰᠢᠭᠯᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠪᠠᠷ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠣᠯᠠᠨ ᠲᠦᠮᠡᠨ ᠤ ᠤᠴᠢᠷ ᠶᠠᠪᠤᠳᠠᠯ ᠭᠦᠢᠴᠡᠳᠭᠡᠬᠦ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号