ᠰᠢ ᠶᠢᠨ ᠫᠢᠩ ᠬᠠᠭᠤᠷᠠᠢ ᠵᠠᠮ ᠤᠨ ᠴᠡᠷᠢᠭ ᠤᠨ ᠡᠮᠴᠢ ᠶᠢᠨ ᠶᠡᠭᠡ ᠰᠤᠷᠭᠠᠭᠤᠯᠢ ᠳᠤ ᠠᠵᠢᠯ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ ᠲᠠᠶᠢᠨ ᠤ ᠲᠠᠯᠠᠪᠤᠷ ᠲᠤ ᠬᠠᠨᠳᠤᠵᠤ ᠴᠡᠷᠢᠭ ᠠᠩᠭᠢ ᠳᠤ ᠬᠠᠨᠳᠤᠵᠤ ᠢᠷᠡᠭᠡᠳᠦᠢ ᠳᠤ ᠬᠠᠨᠳᠤᠵᠤ ᠳᠡᠯᠡᠬᠡᠢ ᠶᠢᠨ ᠲᠡᠷᠢᠭᠦᠨ ᠵᠡᠷᠭᠡ ᠶᠢᠨ ᠴᠡᠷᠢᠭ ᠤᠨ ᠡᠮᠴᠢ ᠶᠢᠨ ᠶᠡᠭᠡ ᠰᠤᠷᠭᠠᠭᠤᠯᠢ ᠶᠢ ᠴᠢᠷᠮᠠᠶᠢᠨ ᠪᠠᠶᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/4/26
     ᠰᠢᠨᠬᠤᠸᠠ ᠬᠤᠷᠢᠶ᠎ᠠ ᠶᠢᠨ ᠴᠦᠩᠴᠢᠩ ᠤᠨ 4 ᠰᠠᠷ᠎ᠠ ᠶᠢᠨ 25 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 4 ᠰᠠᠷ᠎ᠠ ᠶᠢᠨ 23 ᠤ ᠡᠳᠦᠷ ᠬᠠᠭᠤᠷᠠᠢ ᠵᠠᠮ ᠤᠨ ᠴᠡᠷᠢᠭ ᠤᠨ ᠡᠮᠴᠢ ᠶᠢᠨ ᠶᠡᠭᠡ ᠰᠤᠷᠭᠠᠭᠤᠯᠢ ᠳᠤ ᠠᠵᠢᠯ ᠪᠠᠶᠢᠴᠠᠭᠠᠵᠤ᠂ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠠᠶᠢᠨ ᠤ ᠲᠠᠯᠠᠪᠤᠷ ᠲᠤ ᠬᠠᠨᠳᠤᠵᠤ᠂ ᠴᠡᠷᠢᠭ ᠠᠩᠭᠢ ᠳᠤ ᠬᠠᠨᠳᠤᠵᠤ᠂ ᠢᠷᠡᠭᠡᠳᠦᠢ ᠳᠤ ᠬᠠᠨᠳᠤᠵᠤ᠂ ᠰᠤᠷᠭᠠᠭᠤᠯᠢ ᠡᠷᠭᠢᠯᠡᠵᠤ ᠬᠥᠮᠥᠨ ᠢ ᠬᠥᠮᠥᠵᠢᠭᠦᠯᠬᠦ ᠲᠦᠪᠰᠢᠨ ᠪᠣᠯᠣᠨ ᠡᠷᠡᠭᠦᠯ ᠬᠠᠮᠠᠭᠠᠯᠠᠯ ᠤᠨ ᠠᠷᠤ ᠲᠠᠯ᠎ᠠ ᠶᠢᠨ ᠦᠢᠯᠡᠴᠢᠯᠡᠭᠡ ᠪᠠᠲᠤᠯᠠᠭ᠎ᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠳᠡᠯᠡᠬᠡᠢ ᠶᠢᠨ ᠲᠡᠷᠢᠭᠦᠨ ᠵᠡᠷᠭᠡ ᠶᠢᠨ ᠴᠡᠷᠢᠭ ᠤᠨ ᠡᠮᠴᠢ ᠶᠢᠨ ᠶᠡᠭᠡ ᠰᠤᠷᠭᠠᠭᠤᠯᠢ ᠶᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
         4 ᠰᠠᠷ᠎ᠠ ᠶᠢᠨ 23 ᠤ ᠡᠳᠦᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠠᠭᠤᠷᠠᠢ ᠵᠠᠮ ᠤᠨ ᠴᠡᠷᠢᠭ ᠤᠨ ᠡᠮᠴᠢ ᠶᠢᠨ ᠶᠡᠭᠡ ᠰᠤᠷᠭᠠᠭᠤᠯᠢ ᠳᠤ ᠠᠵᠢᠯ ᠪᠠᠶᠢᠴᠠᠭᠠᠪᠠ᠃ ᠵᠢᠷᠤᠭ ᠪᠣᠯ ᠰᠢ ᠶᠢᠨ ᠫᠢᠩ ᠬᠠᠭᠤᠷᠠᠢ ᠵᠠᠮ ᠤᠨ ᠴᠡᠷᠢᠭ ᠤᠨ ᠡᠮᠴᠢ ᠶᠢᠨ ᠶᠡᠭᠡ ᠰᠤᠷᠭᠠᠭᠤᠯᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢᠳ ᠢ ᠳᠣᠲᠣᠨᠣ ᠪᠠᠷ ᠭᠥᠯᠢᠶᠡᠨ ᠠᠪᠴᠤ ᠠᠭᠤᠯᠵᠠᠵᠤ ᠪᠠᠶᠢᠭ᠎ᠠ ᠨᠢ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠭᠠᠩ ᠰᠡᠭᠦᠳᠡᠷᠯᠡᠪᠡ            ᠦᠳᠡ ᠶᠢᠨ ᠡᠮᠦᠨᠡᠬᠢ 9 ᠴᠠᠭ 45 ᠮᠢᠨᠦ᠋ᠲ ᠤᠨ ᠦᠶ᠎ᠡ ᠪᠠᠷ᠂ ᠰᠢ ᠶᠢᠨ ᠫᠢᠩ ᠬᠠᠭᠤᠷᠠᠢ ᠵᠠᠮ ᠤᠨ ᠴᠡᠷᠢᠭ ᠤᠨ ᠡᠮᠴᠢ ᠶᠢᠨ ᠶᠡᠭᠡ ᠰᠤᠷᠭᠠᠭᠤᠯᠢ ᠳᠤ ᠬᠦᠷᠴᠦ᠂ ᠡᠩ ᠲᠡᠷᠢᠭᠦᠨ ᠳᠤ ᠶᠡᠭᠡ ᠰᠤᠷᠭᠠᠭᠤᠯᠢ ᠶᠢᠨ ᠦᠨᠳᠦᠰᠦᠨ ᠪᠠᠶᠢᠳᠠᠯ ᠪᠣᠯᠣᠨ ᠳᠠᠶᠢᠨ ᠤ ᠲᠠᠯᠠᠪᠤᠷ ᠤᠨ ᠡᠮᠴᠢᠯᠡᠭᠡᠨ ᠤ ᠠᠪᠤᠷᠠᠨ ᠵᠠᠰᠠᠬᠤ ᠭᠤᠣᠯᠳᠠᠯᠭ᠎ᠠ ᠲᠠᠢ ᠰᠢᠨᠵᠢᠯᠡᠭᠡᠨ ᠤ ᠰᠠᠯᠠᠭᠠᠨ ᠤ ᠪᠠᠶᠢᠳᠠᠯ ᠢ ᠣᠶᠢᠯᠠᠭᠠᠵᠤ᠂ ᠲᠡᠶᠢᠨ ᠳᠤ ᠰᠢᠷᠬᠠᠲᠤᠭᠰᠠᠳ ᠢ ᠲᠦᠷᠭᠡᠨ ᠠᠪᠤᠷᠠᠬᠤ ᠪᠠᠭᠠᠵᠢ ᠬᠡᠷᠡᠭᠰᠡᠯ ᠪᠣᠯᠣᠨ ᠰᠤᠷᠤᠯᠭᠠᠲᠠᠳ ᠤᠨ ᠪᠣᠳᠠᠲᠤ ᠠᠵᠢᠯᠯᠠᠭᠠᠨ ᠤ ᠦᠵᠡᠭᠦᠯᠭᠡ ᠶᠢ ᠪᠠᠶᠢᠴᠠᠭᠠᠨ ᠦᠵᠡᠪᠡ᠃ ᠬᠠᠭᠤᠷᠠᠢ ᠵᠠᠮ ᠤᠨ ᠴᠡᠷᠢᠭ ᠤᠨ ᠡᠮᠴᠢ ᠶᠢᠨ ᠶᠡᠭᠡ ᠰᠤᠷᠭᠠᠭᠤᠯᠢ ᠨᠢ ᠢᠷᠠᠭᠤ ᠠᠯᠳᠠᠷᠲᠤ ᠲᠡᠦᠬᠡ ᠶᠢᠨ ᠤᠯᠠᠮᠵᠢᠯᠠᠯ ᠲᠠᠢ ᠪᠠᠶᠢᠵᠤ᠂ ᠣᠷᠳᠣ ᠬᠤᠭᠤᠴᠠᠭᠠᠨ ᠤ ᠰᠤᠷᠭᠠᠭᠤᠯᠢ ᠡᠷᠭᠢᠯᠡᠭᠦ ᠦᠢᠯᠡᠳᠦᠯᠭᠡ ᠳᠤᠮᠳᠠ ᠥᠨᠳᠦᠷᠯᠢᠭ ᠤᠨ ᠴᠡᠷᠢᠭ ᠤᠨ ᠶᠠᠪᠤᠳᠠᠯ ᠤᠨ ᠠᠨᠠᠭᠠᠬᠤ ᠤᠬᠠᠭᠠᠨ᠂ ᠲᠡᠶᠢᠨ ᠳᠤ ᠰᠢᠷᠬᠠᠲᠤᠭᠰᠠᠳ ᠤᠨ ᠰᠢᠷᠬ᠎ᠠ ᠶᠢᠨ ᠠᠨᠠᠭᠠᠬᠤ ᠤᠬᠠᠭᠠᠨ᠂ ᠲᠦᠯᠡᠭᠳᠡᠭᠰᠡᠨ ᠰᠢᠷᠬ᠎ᠠ ᠶᠢᠨ ᠠᠨᠠᠭᠠᠬᠤ ᠤᠬᠠᠭᠠᠨ ᠵᠡᠷᠭᠡ ᠢᠯᠡ ᠲᠣᠳᠣ ᠣᠨᠴᠠᠯᠢᠭ ᠪᠠ ᠳᠠᠪᠠᠭᠤᠯᠢᠭ ᠢ ᠪᠦᠷᠢᠯᠳᠦᠭᠦᠯᠵᠡᠢ᠃ 2017 ᠣᠨ ᠳᠤ ᠲᠣᠬᠢᠷᠠᠭᠤᠯᠤᠯᠲᠠ ᠬᠢᠵᠦ ᠪᠠᠶᠢᠭᠤᠯᠤᠭᠰᠠᠨ ᠠᠴᠠ ᠨᠠᠭᠠᠰᠢ᠂ ᠶᠡᠭᠡ ᠰᠤᠷᠭᠠᠭᠤᠯᠢ ᠨᠢ ᠴᠡᠷᠢᠭ ᠤᠨ ᠬᠢ ᠪᠠᠶᠢᠬᠤ ᠲᠠᠶᠢᠨ ᠤ ᠲᠥᠯᠥᠭᠡ ᠪᠠᠶᠢᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠴᠡᠷᠢᠭ ᠤᠨ ᠶᠠᠪᠤᠳᠠᠯ ᠤᠨ ᠲᠡᠮᠡᠴᠡᠯ ᠤᠨ ᠡᠷᠡᠭᠦᠯ ᠬᠠᠮᠠᠭᠠᠯᠠᠯ ᠤᠨ ᠠᠷᠤ ᠲᠠᠯ᠎ᠠ ᠶᠢᠨ ᠪᠠᠲᠤᠯᠠᠭ᠎ᠠ ᠶᠢᠨ ᠠᠵᠢᠯ᠂ ᠰᠢᠨ᠎ᠡ ᠲᠢᠲᠢᠮᠯᠢᠭ ᠸᠢᠷᠦ᠋ᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠯᠢ ᠣᠯᠠᠨ ᠴᠢᠬᠤᠯᠠ ᠶᠡᠭᠡ ᠡᠭᠦᠷᠭᠡ ᠶᠢ ᠭᠠᠷᠮᠠᠭᠠᠢ ᠪᠡᠶᠡᠯᠡᠭᠦᠯᠪᠡ᠃ ᠰᠢ ᠶᠢᠨ ᠫᠢᠩ ᠬᠠᠭᠤᠷᠠᠢ ᠵᠠᠮ ᠤᠨ ᠴᠡᠷᠢᠭ ᠤᠨ ᠡᠮᠴᠢ ᠶᠢᠨ ᠶᠡᠭᠡ ᠰᠤᠷᠭᠠᠭᠤᠯᠢ ᠶᠢᠨ ᠪᠠᠶᠢᠭᠤᠯᠤᠯᠲᠠ ᠪᠠ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠢ ᠨᠤᠲᠠᠯᠠᠪᠠ᠃      ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ᠂ ᠰᠢ ᠶᠢᠨ ᠫᠢᠩ ᠬᠠᠭᠤᠷᠠᠢ ᠵᠠᠮ ᠤᠨ ᠴᠡᠷᠢᠭ ᠤᠨ ᠡᠮᠴᠢ ᠶᠢᠨ ᠶᠡᠭᠡ ᠰᠤᠷᠭᠠᠭᠤᠯᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢᠳ ᠢ ᠳᠣᠲᠣᠨᠣ ᠪᠠᠷ ᠭᠥᠯᠢᠶᠡᠨ ᠠᠪᠴᠤ ᠠᠭᠤᠯᠵᠠᠭᠰᠠᠨ ᠪᠥᠭᠡᠳ ᠤᠯᠠᠨ ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃      ᠰᠢ ᠶᠢᠨ ᠫᠢᠩ᠂ ᠬᠠᠭᠤᠷᠠᠢ ᠵᠠᠮ ᠤᠨ ᠴᠡᠷᠢᠭ ᠤᠨ ᠡᠮᠴᠢ ᠶᠢᠨ ᠶᠡᠭᠡ ᠰᠤᠷᠭᠠᠭᠤᠯᠢ ᠪᠣᠯ ᠮᠠᠨ ᠤ ᠴᠡᠷᠢᠭ ᠤᠨ ᠠᠨᠠᠭᠠᠬᠤ ᠤᠬᠠᠭᠠᠨ ᠤ ᠲᠦᠷᠦᠯ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠶᠡᠭᠡ ᠳᠡᠭᠡᠳᠦ ᠰᠤᠷᠭᠠᠭᠤᠯᠢ ᠪᠠᠶᠢᠵᠤ᠂ ᠪᠦᠭᠦ ᠴᠡᠷᠢᠭ ᠤᠨ ᠡᠷᠡᠭᠦᠯ ᠬᠠᠮᠠᠭᠠᠯᠠᠯ ᠤᠨ ᠠᠷᠤ ᠲᠠᠯ᠎ᠠ ᠶᠢᠨ ᠪᠠᠲᠤᠯᠠᠭ᠎ᠠ ᠶᠢᠨ ᠬᠦᠴᠦᠨ ᠤ ᠰᠢᠰᠲ᠋ᠧᠮ ᠤᠨ ᠴᠢᠬᠤᠯᠠ ᠪᠦᠷᠢᠯᠳᠦᠭᠦᠨ ᠬᠡᠰᠡᠭ ᠮᠥᠨ᠃ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ᠂ ᠲᠠᠶᠢᠨ ᠳᠤ ᠪᠡᠯᠡᠳᠬᠡᠨ ᠬᠥᠮᠥᠨ ᠬᠥᠮᠥᠵᠢᠭᠦᠯᠬᠦ ᠶᠢ ᠪᠠᠷᠢᠮᠲᠠᠯᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠣᠷᠠᠯ ᠴᠢᠳᠠᠪᠤᠷᠢ ᠬᠤᠣᠰᠯᠠᠭᠰᠠᠨ ᠰᠢᠨ᠎ᠡ ᠴᠠᠭ ᠦᠶ᠎ᠡ ᠶᠢᠨ ᠬᠤᠪᠢᠰᠬᠠᠯᠲᠤ ᠴᠡᠷᠢᠭ ᠤᠨ ᠡᠮᠴᠢ ᠶᠢ ᠬᠥᠮᠥᠵᠢᠭᠦᠯᠬᠦ ᠬᠡᠷᠡᠭᠲᠡᠢ᠃ ᠣᠨᠴᠠᠯᠢᠭᠲᠤ ᠠᠨᠠᠭᠠᠬᠤ ᠤᠬᠠᠭᠠᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠵᠤ᠂ ᠤᠯᠠᠮᠵᠢᠯᠠᠯᠲᠤ ᠳᠠᠪᠠᠭᠤᠯᠢᠭ ᠢᠶᠠᠨ ᠪᠠᠬᠢᠵᠢᠭᠦᠯᠦᠨ᠂ ᠬᠥᠭᠵᠢᠯᠲᠡ ᠶᠢᠨ ᠡᠮᠦᠨ᠎ᠡ ᠨᠢ ᠬᠤᠰᠢᠭᠤᠷᠠᠵᠤ᠂ ᠴᠡᠷᠢᠭ ᠤᠨ ᠶᠠᠪᠤᠳᠠᠯ ᠤᠨ ᠠᠨᠠᠭᠠᠬᠤ ᠤᠬᠠᠭᠠᠨ ᠤ ᠨᠣᠶᠠᠨ ᠤᠷᠭᠢᠯ ᠳᠤ ᠵᠣᠷᠢᠭᠲᠠᠢ ᠪᠠᠷ ᠠᠪᠠᠷᠢᠬᠤ ᠬᠡᠷᠡᠭᠲᠡᠢ᠃ ᠡᠷᠡᠭᠦᠯ ᠬᠠᠮᠠᠭᠠᠯᠠᠯ ᠤᠨ ᠠᠷᠤ ᠲᠠᠯ᠎ᠠ ᠶᠢᠨ ᠪᠠᠲᠤᠯᠠᠭ᠎ᠠ ᠶᠢᠨ ᠡᠯ᠎ᠡ ᠵᠦᠢᠯ ᠤᠨ ᠪᠠᠶᠢᠭᠤᠯᠤᠯᠲᠠ ᠶᠢ ᠴᠢᠩᠭᠠᠳᠬᠠᠵᠤ᠂ ᠴᠡᠷᠢᠭ ᠠᠩᠭᠢ ᠶᠢᠨ ᠳᠠᠶᠢᠴᠢᠨ ᠬᠦᠴᠦᠨ ᠳᠤ ᠬᠦᠴᠦᠲᠡᠢ ᠦᠢᠯᠡᠴᠢᠯᠡᠵᠦ᠂ ᠳᠠᠷᠤᠭ᠎ᠠ ᠪᠠᠶᠢᠯᠳᠤᠭᠴᠢᠳ ᠤᠨ ᠪᠡᠶ᠎ᠡ ᠰᠡᠳᠬᠢᠴᠡ ᠶᠢᠨ ᠡᠷᠡᠭᠦᠯ ᠮᠡᠨᠳᠦ ᠳᠤ ᠦᠢᠯᠡᠴᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ ᠰᠢᠨ᠎ᠡ ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠲᠦᠷᠦᠯ ᠤᠨ ᠴᠡᠭᠴᠡᠯᠡᠨ ᠵᠠᠰᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠶᠡᠭᠡ ᠰᠤᠷᠭᠠᠭᠤᠯᠢ ᠶᠢᠨ ᠳᠡᠭᠡᠳᠦ ᠬᠡᠮᠵᠢᠶᠡᠨ ᠤ ᠲᠥᠪᠯᠡᠷᠡᠩᠭᠦᠢ ᠨᠢᠭᠡᠳᠦᠯ ᠪᠠ ᠴᠢᠬᠡᠴᠢ ᠴᠡᠪᠡᠷ ᠪᠠᠲᠤ ᠪᠠᠬᠢ ᠪᠠᠶᠢᠬᠤ ᠶᠢ ᠪᠠᠲᠤᠯᠠᠬᠤ ᠬᠡᠷᠡᠭᠲᠡᠢ᠃ ᠬᠠᠤᠯᠢ ᠶᠣᠰᠣᠭᠠᠷ ᠰᠤᠷᠭᠠᠭᠤᠯᠢ ᠶᠢ ᠵᠠᠰᠠᠬᠤ᠂ ᠰᠤᠷᠭᠠᠭᠤᠯᠢ ᠶᠢ ᠴᠢᠩᠭ᠎ᠠ ᠵᠠᠰᠠᠬᠤ ᠶᠢ ᠴᠢᠩᠭ᠎ᠠ ᠠᠳᠬᠤᠵᠤ᠂ ᠬᠥᠮᠦᠵᠢᠯ ᠬᠠᠮᠢᠶᠠᠷᠤᠯᠲᠠ ᠶᠢ ᠴᠢᠩᠳᠠᠯᠠᠵᠤ᠂ ᠦᠨᠳᠦᠰᠦᠨ ᠱᠠᠲᠤ ᠶᠢ ᠠᠳᠬᠤᠵᠤ ᠰᠠᠭᠤᠷᠢ ᠲᠠᠯᠪᠢᠬᠤ ᠠᠵᠢᠯ ᠢ ᠰᠠᠶᠢᠲᠤᠷ ᠬᠢᠵᠦ᠂ ᠪᠦᠭᠦ ᠰᠤᠷᠭᠠᠭᠤᠯᠢ ᠶᠢᠨ ᠪᠠᠭᠰᠢ ᠰᠤᠷᠤᠬᠴᠢ ᠠᠵᠢᠯᠲᠠᠨ ᠤ ᠠᠵᠢᠯ ᠬᠢᠵᠦ ᠦᠢᠯᠡᠰ ᠪᠣᠰᠬᠠᠬᠤ ᠢᠳᠡᠪᠬᠢᠵᠢᠯ ᠢ ᠬᠥᠭᠵᠢᠭᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠶᠡᠭᠡ ᠰᠤᠷᠭᠠᠭᠤᠯᠢ ᠶᠢᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠡᠭᠦᠳᠦᠨ ᠨᠡᠭᠡᠭᠡᠬᠦ ᠬᠡᠷᠡᠭᠲᠡᠢ ᠭᠡᠵᠦ ᠴᠢᠬᠤᠯᠠᠴᠢᠯᠠᠪᠠ᠃      ᠾᠧ ᠸᠧᠢ ᠳ᠋ᠦᠩ ᠨᠠᠷ ᠠᠵᠢᠯᠯᠠᠭ᠎ᠠ ᠳᠤ ᠣᠷᠣᠯᠴᠠᠵᠠᠢ᠃    
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号