ᠶᠡᠭᠡ ᠵᠣᠣ ᠨᠡᠶᠢᠭᠡᠮ ᠲᠣᠭᠤᠷᠢᠭ ᠤᠨ ᠡᠴᠢᠭᠡ ᠡᠬᠡ ᠶᠢᠨ ᠬᠢᠴᠢᠶᠡᠯ ᠤᠨ ᠲᠠᠩᠬᠢᠮ ᠦᠷᠨᠢᠭᠦᠯᠪᠡ — ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠢ ᠡᠰᠡᠷᠭᠦᠴᠡᠨ ᠰᠤᠷᠤᠭᠴᠢᠳ ᠤᠨ ᠦᠰᠦᠨ ᠪᠤᠶᠢᠵᠢᠯᠲᠠ ᠶᠢ ᠬᠠᠯᠠᠮᠵᠢᠯᠠᠨ ᠬᠠᠶᠢᠷᠠᠯᠠᠶ᠎ᠠ
ᠨᠡᠶᠢᠲᠡᠯᠡᠭᠰᠡᠨ ᠴᠠᠭ᠄
2024/4/28
     ᠵᠠᠯᠠᠭᠤᠴᠤᠳ ᠪᠠᠭᠠᠴᠤᠳ ᠪᠣᠯ ᠤᠯᠤᠰ ᠤᠨ ᠢᠷᠡᠭᠡᠳᠦᠶ᠂ ᠦᠨᠳᠦᠰᠦᠲᠡᠨ ᠤ ᠬᠦᠰᠡᠯ ᠡᠷᠡᠮᠡᠯᠵᠡᠯ ᠮᠥᠨ᠃ ᠣᠳᠣᠬᠠᠨ ᠳᠤ ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠤᠨ ᠦᠵᠡᠭᠳᠡᠯ ᠪᠠᠶᠢᠨ ᠳᠠᠬᠢᠨ ᠭᠠᠷᠴᠤ᠂ ᠡᠨᠡ ᠨᠢ ᠬᠥᠮᠦᠨ ᠤ ᠪᠡᠶ᠎ᠡ ᠶᠢᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠬᠤ ᠪᠠᠷ ᠪᠠᠷᠠᠬᠤ ᠥᠬᠡᠶ᠂ ᠨᠠᠩ ᠴᠤ ᠬᠡᠤᠬᠡᠳ ᠤᠨ ᠰᠡᠳᠬᠢᠴᠡ ᠶᠢᠨ ᠦᠰᠦᠨ ᠪᠤᠶᠢᠵᠢᠯᠲᠠ ᠳᠤ ᠨᠠᠵᠠᠭᠠᠶ ᠨᠥᠯᠥᠭᠡ ᠦᠵᠡᠭᠦᠯᠵᠦ ᠪᠠᠶᠢᠨ᠎ᠠ᠃ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠨᠠᠩ ᠰᠠᠶᠢᠨ ᠰᠡᠷᠭᠡᠶᠢᠯᠡᠵᠦ᠂ ᠬᠡᠦᠬᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠶᠡᠭᠡ ᠵᠣᠣ ᠨᠡᠶᠢᠭᠡᠮ ᠲᠣᠭᠤᠷᠢᠭ ᠤᠨ 3 ᠳᠠᠪᠬᠤᠷᠯᠢᠭ ᠠᠰᠠᠷ ᠲᠤ᠂ ᠢᠦᠶ ᠴᠢᠤᠸᠠᠨ ᠲᠣᠭᠤᠷᠢᠭ ᠤᠨ ᠶᠡᠭᠡ ᠵᠣᠣ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡ ᠬᠥᠬᠡᠬᠤᠲᠠ ᠶᠢᠨ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠨᠡᠶᠢᠭᠡᠮᠯᠢᠭ᠂ ᠰᠡᠳᠬᠢᠴᠡ ᠶᠢᠨ ᠵᠥᠪᠯᠡᠯᠭᠡ ᠥᠭᠬᠦ ᠲᠠᠰᠤᠭ᠂ ᠲᠦᠮᠡᠳ ᠰᠤᠷᠭᠠᠭᠤᠯᠢ ᠲᠠᠢ ᠬᠠᠮᠲᠤᠷᠠᠨ ︽ᠡᠴᠢᠭᠡ ᠡᠬᠡ ᠶᠢᠨ ᠬᠢᠴᠢᠶᠡᠯ ᠤᠨ ᠲᠠᠩᠬᠢᠮ — ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠢ ᠡᠰᠡᠷᠭᠦᠴᠡᠨ ᠰᠤᠷᠤᠭᠴᠢᠳ ᠤᠨ ᠦᠰᠦᠨ ᠪᠤᠶᠢᠵᠢᠯᠲᠠ ᠶᠢ ᠬᠠᠯᠠᠮᠵᠢᠯᠠᠨ ᠬᠠᠶᠢᠷᠠᠯᠠᠬᠤ︾ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠲᠠᠶᠢᠯᠤᠮᠵᠢ ᠬᠢᠪᠠ᠃
     ᠲᠣᠰ ᠤᠳᠠᠭᠠᠨ ᠤ ᠲᠠᠶᠢᠯᠤᠮᠵᠢ ᠨᠢ ᠰᠡᠳᠬᠢᠴᠡ ᠶᠢᠨ ᠵᠥᠪᠯᠡᠯᠭᠡ ᠥᠭᠭᠦᠭᠴᠢ ᠰᠦᠶᠦᠭᠡ ᠪᠠᠭᠰᠢ ᠶᠢ ᠤᠷᠢᠵᠤ᠂ ᠰᠦᠶᠦᠭᠡ ᠪᠠᠭᠰᠢ ︽ᠶᠠᠭᠤ ᠶᠢ ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠭᠡᠬᠦ ᠪᠣᠶ︾᠂ ︽ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠢ ᠢᠯᠭᠠᠨ ᠲᠠᠨᠢᠬᠤ ᠠᠷᠭ᠎ᠠ ᠪᠠ ᠤᠷ᠎ᠠ ᠮᠡᠷᠭᠡᠵᠢᠯ︾᠂ ︽ᠠᠷᠭᠠᠴᠠᠭᠠᠬᠤ ᠠᠷᠭ᠎ᠠ ᠪᠣᠳᠣᠯᠭ᠎ᠠ ᠵᠢᠴᠢ ᠠᠷᠭ᠎ᠠ ᠶᠢᠨ ᠲᠤᠬᠠᠶ ᠶᠠᠷᠢᠯᠴᠠᠭ᠎ᠠ︾᠂ ︽ᠨᠠᠰᠤᠨ ᠳᠤ ᠥᠯᠥ ᠭᠦᠷᠦᠭᠰᠡᠳ ᠤᠨ ᠬᠠᠮᠢᠶ᠎ᠠ ᠪᠥᠬᠦᠶ ᠬᠠᠤᠯᠢ ᠴᠠᠭᠠᠵᠠ︾ ᠵᠡᠷᠭᠡ ᠳᠥᠷᠪᠡᠨ ᠲᠠᠯ᠎ᠠ ᠪᠠᠷ ᠨᠠᠷᠢᠨ ᠲᠠᠶᠢᠯᠤᠮᠵᠢ ᠬᠢᠪᠠ᠃ ᠳᠠᠷᠠᠭ᠎ᠠ ᠨᠢ᠂ ᠪᠠᠭᠰᠢ ᠠᠴᠠ ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠢ ᠬᠡᠷᠬᠢᠨ ᠪᠦᠲᠦᠮᠵᠢᠲᠡᠶ ᠰᠡᠷᠭᠡᠶᠢᠯᠡᠨ ᠵᠠᠰᠠᠬᠤ ᠲᠤᠬᠠᠶ ᠭᠤᠤᠯᠳᠠᠯᠭ᠎ᠠ ᠲᠠᠢ ᠲᠠᠶᠢᠯᠪᠤᠷᠢᠯᠠᠪᠠ᠃ ᠲᠡᠷᠡ ᠪᠠᠰᠠ ᠥᠪᠡᠷ ᠢ ᠪᠠᠨ ᠬᠠᠮᠠᠭᠠᠯᠠᠬᠤ ᠤᠬᠠᠮᠰᠠᠷ ᠢᠶᠠᠨ ᠳᠡᠭᠡᠭᠰᠢᠯᠡᠭᠦᠯᠬᠦ᠂ ᠬᠠᠪᠰᠤᠷᠤᠯᠭ᠎ᠠ ᠭᠤᠶᠤᠬᠤ ᠶᠢ ᠰᠤᠷᠬᠤ᠂ ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠳᠤ ᠡᠷᠡᠯᠬᠡᠭ ᠪᠠᠭᠠᠲᠤᠷᠯᠢᠭ ᠢᠶᠠᠷ ︽ᠦᠭᠡᠢ︾ ᠭᠡᠵᠦ ᠬᠡᠯᠡᠬᠦ ᠠᠯᠢ ᠣᠯᠠᠨ ᠪᠣᠳᠠᠲᠤ ᠬᠡᠷᠡᠭᠴᠡᠭᠡ ᠲᠠᠢ ᠰᠠᠨᠠᠭᠤᠯᠭ᠎ᠠ ᠪᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠶ᠃ ᠡᠭᠦᠨ ᠤ ᠬᠠᠮᠲᠤ ᠪᠠᠰᠠ ᠭᠡᠷ ᠤᠨ ᠠᠬᠠᠮᠠᠳ ᠪᠣᠯᠤᠨ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠢ ᠰᠡᠷᠭᠡᠶᠢᠯᠡᠨ ᠵᠠᠰᠠᠬᠤ ᠳᠤᠮᠳᠠᠬᠢ ᠴᠢᠬᠤᠯᠠ ᠳᠦᠷᠢ ᠶᠢ ᠴᠢᠬᠤᠯᠠᠴᠢᠯᠠᠵᠤ᠂ ᠲᠡᠳᠡᠨ ᠤ ᠰᠤᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠤᠷᠢᠶᠠᠯᠠᠵᠤ᠂ ᠬᠡᠦᠬᠡᠳ ᠤᠳ ᠲᠤ ᠠᠮᠤᠷ ᠲᠦᠪᠰᠢᠨ᠂ ᠡᠷᠡᠭᠦᠯ ᠰᠠᠷᠠᠭᠤᠯ ᠦᠰᠦᠨ ᠪᠤᠶᠢᠵᠢᠬᠤ ᠣᠷᠴᠢᠨ ᠲᠣᠭᠤᠷᠢᠨ ᠢ ᠬᠠᠮᠲᠤᠪᠠᠷ ᠪᠤᠢ ᠪᠣᠯᠭᠠᠵᠤ ᠥᠭᠬᠦ ᠶᠢ ᠤᠷᠢᠶᠠᠯᠠᠪᠠ᠃ ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠨᠢ ᠬᠤᠬᠢᠷᠠᠯ ᠠᠮᠰᠠᠭᠴᠢ ᠶᠢᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠦᠨᠳᠦ ᠨᠣᠴᠢᠲᠠᠶ ᠨᠦᠯᠦᠭᠡᠯᠡᠭᠰᠡᠨ ᠢᠶᠠᠷ ᠪᠠᠷᠠᠬᠤ ᠥᠬᠡᠶ᠂ ᠪᠠᠰᠠ ᠪᠥᠬᠦ ᠰᠤᠷᠭᠠᠭᠤᠯᠢ ᠶᠢᠨ ᠬᠦᠷᠢᠶᠡᠨ ᠤ ᠠᠭᠤᠷ ᠠᠮᠢᠰᠬᠤᠯ ᠳᠤ ᠨᠠᠵᠠᠭᠠᠶ ᠨᠥᠯᠥᠭᠡ ᠦᠵᠡᠭᠦᠯᠬᠦ ᠪᠣᠯᠤᠨ᠎ᠠ᠃ ᠡᠶᠢᠮᠦ ᠠᠴᠠ ᠬᠥᠮᠥᠨ ᠪᠦᠷᠢ ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠢ ᠰᠡᠷᠭᠡᠶᠢᠯᠡᠬᠦ ᠠᠵᠢᠯᠯᠠᠭ᠎ᠠ ᠳᠤ ᠢᠳᠡᠪᠬᠢᠲᠡᠢ ᠣᠷᠣᠯᠴᠠᠪᠠᠯ ᠵᠣᠬᠢᠨ᠎ᠠ᠃
     ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠬᠡᠷ ᠤᠨ ᠠᠬᠠᠮᠠᠳ ᠲᠤ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠬᠤᠷᠢᠭᠯᠠᠬᠤ ᠶᠢᠨ ᠴᠢᠬᠤᠯᠠ ᠴᠢᠨᠠᠷ ᠢ ᠭᠦᠢᠴᠡᠳ ᠲᠠᠨᠢᠭᠤᠯᠵᠤ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠤᠷᠢᠳᠴᠢᠯᠠᠨ ᠰᠡᠷᠭᠡᠶᠢᠯᠡᠬᠦ᠂ ᠢᠯᠭᠠᠨ ᠲᠠᠨᠢᠬᠤ᠂ ᠬᠤᠷᠢᠭᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠶᠡᠭᠡ ᠵᠤᠤ ᠨᠡᠶᠢᠭᠡᠮ ᠲᠣᠭᠤᠷᠢᠭ ᠤᠨ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠦᠷᠭᠦᠯᠵᠢᠯᠡᠨ ᠬᠤᠷᠢᠭᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠡᠦᠬᠡᠳ ᠤᠳ ᠤᠨ ᠪᠠᠶᠠᠷ ᠪᠠᠶᠠᠰᠬᠤᠯᠠᠩᠲᠠᠢ ᠪᠠᠷ ᠦᠰᠦᠨ ᠪᠤᠶᠢᠵᠢᠬᠤ ᠮᠥᠷᠲᠡᠭᠡᠨ ᠬᠤᠣᠷ ᠠᠮᠰᠠᠭᠴᠢ ᠪᠣᠯᠬᠤ ᠦᠭᠡᠢ ᠪᠠᠶᠢᠬᠤ ᠶᠢ ᠬᠦᠰᠡᠵᠦ᠂ ᠭᠡᠷ ᠤᠨ ᠠᠬᠠᠮᠠᠳ ᠪᠣᠯᠤᠨ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠳᠤ ︽ᠦᠭᠡᠢ︾ ᠭᠡᠵᠦ ᠬᠡᠯᠡᠨ᠂ ᠬᠠᠮᠲᠤ ᠪᠠᠷ ᠬᠡᠦᠬᠡᠳ ᠤᠨ ᠢᠷᠡᠭᠡᠳᠦᠢ ᠶᠢ ᠬᠠᠮᠠᠭᠠᠯᠠᠨ᠎ᠠ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号