ᠪᠦᠬᠦ ᠣᠷᠣᠨ ᠤ 12345 ᠬᠠᠯᠠᠮᠰᠢᠯ ᠤᠲᠠᠰᠤ ᠲᠡᠷᠭᠡ ᠰᠢᠯᠵᠢᠭᠦᠯᠬᠦ ᠦᠢᠯᠡᠴᠢᠯᠡᠭᠡᠨ ᠤ ᠴᠢᠳᠠᠪᠬᠢ ᠲᠠᠢ ᠪᠣᠯᠵᠤ ᠠᠷᠠᠳ ᠤᠯᠠᠨ ᠳᠤ ᠲᠦᠭᠵᠢᠷᠡᠯ ᠢ ᠠᠷᠢᠯᠭᠠᠨ ᠬᠦᠴᠢᠷᠳᠡᠯ ᠢ ᠨᠢ ᠰᠢᠢᠳᠪᠦᠷᠢᠯᠡᠨ ᠥᠭᠴᠦ ᠪᠤᠢ
ᠨᠡᠶᠢᠲᠡᠯᠡᠭᠰᠡᠨ ᠴᠠᠭ᠄
2024/4/28
     ᠠᠷᠠᠳ ᠤᠨ ᠠᠮᠢᠳᠤᠷᠠᠯ ᠲᠠᠢ ᠬᠤᠯᠪᠣᠭᠳᠠᠬᠤ ᠲᠦᠪᠡᠭᠲᠡᠢ ᠠᠰᠠᠭᠤᠳᠠᠯ ᠢ ᠠᠩᠬᠠᠷᠴᠤ᠂ ᠬᠤᠳᠠ ᠶᠢᠨ ᠶᠡᠷᠦᠩᠬᠡᠶᠢᠯᠡᠨ ᠵᠠᠰᠠᠬᠤ ᠲᠦᠪᠰᠢᠨ ᠢ ᠳᠡᠭᠡᠭᠰᠢᠯᠡᠭᠦᠯᠭᠦ ᠨᠢ ᠰᠠᠭᠤᠷᠢ ᠪᠤᠯᠬᠤ ᠵᠦᠢᠯᠡᠰ ᠪᠠᠶᠢᠵᠤ᠂ ᠦᠵᠡᠬᠦ ᠳᠤ ᠥᠴᠥᠬᠡᠨ ᠲᠡᠳᠦᠢ ᠤᠴᠢᠷ ᠰᠢᠭ᠋ ᠪᠤᠯᠪᠠᠴᠤ ᠨᠠᠷᠢᠨ ᠵᠦᠢᠯᠡᠰ ᠢ ᠠᠩᠬᠠᠷᠬᠤ ᠨᠢ ᠶᠠᠭᠤᠨ ᠠᠴᠠ ᠴᠤ ᠴᠢᠬᠤᠯᠠ ᠶᠤᠮ᠃      ᠪᠦᠭᠦ ᠣᠷᠣᠨ ᠤ 12345 ᠬᠠᠯᠠᠮᠰᠢᠯ ᠤᠲᠠᠰᠤ ᠲᠡᠷᠭᠡ ᠰᠢᠯᠵᠢᠭᠦᠯᠬᠦ ᠦᠢᠯᠡᠴᠢᠯᠡᠭᠡᠨ ᠤ ᠴᠢᠳᠠᠪᠬᠢ ᠶᠢ ᠨᠡᠪᠲᠡᠷᠡᠭᠦᠯᠦᠭᠰᠡᠨ ᠨᠢ 2024 ᠣᠨ ᠤ ᠥᠪᠡᠷᠲᠡᠭᠡᠨ ᠵᠠᠰᠠᠬᠤ ᠣᠷᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠳᠤᠷᠠᠳᠤᠭᠰᠠᠨ ︽ᠠᠷᠠᠳ ᠤᠨ ᠠᠮᠢᠳᠤᠷᠠᠯ ᠤᠨ 33 ᠪᠣᠳᠠᠲᠤ ᠶᠠᠪᠤᠳᠠᠯ ᠢ ᠰᠠᠶᠢᠲᠤᠷ ᠬᠢᠬᠦ︾ ᠶᠢᠨ ᠨᠢᠭᠡ ᠲᠦᠷᠦᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ︽ᠶᠠᠪᠤᠳᠠᠯ ᠪᠦᠷᠢ ᠶᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ︾ ᠶᠡᠷᠦᠩᠬᠡᠢ ᠱᠠᠭᠠᠷᠳᠠᠯᠭ᠎ᠠ ᠶᠣᠰᠣᠭᠠᠷ᠂ 4 ᠰᠠᠷ᠎ᠠ ᠶᠢᠨ 1 ᠤ ᠡᠳᠦᠷ ᠪᠦᠭᠦ ᠣᠷᠣᠨ ᠤ ᠡᠯ᠎ᠡ ᠠᠶᠢᠮᠠᠭ ᠬᠤᠲᠠ ᠶᠢᠨ 12345 ᠬᠠᠯᠠᠮᠰᠢᠯ ᠤᠲᠠᠰᠤ ᠶᠢᠨ ᠲᠡᠷᠭᠡ ᠰᠢᠯᠵᠢᠭᠦᠯᠬᠦ ᠦᠢᠯᠡᠴᠢᠯᠡᠭᠡᠨ ᠤ ᠴᠢᠳᠠᠪᠬᠢ ᠶᠢ ᠤᠷᠤᠭᠰᠢᠲᠠᠢ ᠨᠠᠪᠲᠠᠷᠡᠭᠦᠯᠵᠦ᠂ ᠪᠦᠭᠦ ᠣᠷᠣᠨ ᠤ ᠣᠯᠠᠨ ᠲᠦᠮᠡᠨ ᠳᠤ ᠨᠠᠩ ᠳᠥᠭᠦᠮ ᠨᠡᠩ ᠪᠦᠲᠦᠮᠵᠢᠲᠡᠶ ᠵᠢᠷᠤᠮᠵᠢᠬᠰᠠᠨ ᠣᠶᠤᠨᠴᠢ ᠨᠠᠷᠢᠯᠢᠭ ᠦᠢᠯᠡᠴᠢᠯᠡᠭᠡ ᠶᠢ ᠬᠠᠩᠭᠠᠵᠤ᠂ ᠬᠤᠲᠠ ᠶᠢᠨ ᠬᠠᠮᠢᠶᠠᠷᠤᠯᠲᠠ ᠶᠢᠨ ᠳᠤᠮᠳᠠᠬᠢ ᠮᠠᠰᠢᠨ ᠲᠡᠷᠭᠡ ᠰᠢᠯᠵᠢᠭᠦᠯᠬᠦ ᠬᠦᠴᠢᠷᠲᠡᠢ ᠠᠰᠠᠭᠤᠳᠠᠯ ᠢ ᠰᠢᠢᠳᠪᠦᠷᠢᠯᠡᠨ᠂ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠪᠡ᠃      ᠡᠨᠡ ᠵᠢᠯ ᠤᠨ 3 ᠰᠠᠷ᠎ᠠ ᠶᠢᠨ 19 ᠤ ᠡᠳᠦᠷ᠂ ᠭᠦᠭᠡᠬᠤᠲᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠭᠦᠮ ᠦᠵᠡᠭᠦᠯᠭᠦ ᠬᠠᠯᠠᠮᠰᠢᠯ ᠤᠲᠠᠰᠤ ᠲᠡᠷᠭᠡ ᠰᠢᠯᠵᠢᠭᠦᠯᠬᠦ ᠦᠢᠯᠡᠴᠢᠯᠡᠭᠡ ᠶᠢ ᠵᠢᠩᠬᠢᠨᠢ ᠪᠠᠷ ᠰᠦᠯᠵᠢᠶᠡᠨ ᠳᠤ ᠣᠷᠣᠭᠤᠯᠤᠨ ᠠᠵᠢᠯᠯᠠᠭᠤᠯᠤᠭᠰᠠᠨ ᠠᠴᠠ ᠬᠤᠲᠠ ᠶᠢᠨ ᠠᠷᠠᠳ ᠤᠨ ᠶᠠᠪᠤᠵᠤ ᠰᠠᠭᠤᠬᠤ ᠳᠤ ᠲᠤᠯᠭᠠᠷᠠᠭᠰᠠᠨ ᠲᠡᠷᠭᠡ ᠬᠥᠰᠬᠡ ᠨᠢ ᠪᠤᠰᠤᠳ ᠲᠡᠷᠭᠡ ᠬᠥᠰᠬᠡ ᠳᠤ ᠬᠠᠰᠢᠭᠳᠠᠬᠤ᠂ ᠲᠡᠷᠭᠡᠨ ᠣᠷᠣ ᠶᠢ ᠳᠤᠷ᠎ᠠ ᠪᠠᠷ ᠡᠵᠡᠯᠡᠭᠰᠡᠨ ᠵᠡᠷᠭᠡ ᠭᠤᠮᠣᠳᠠᠯ ᠱᠠᠭᠠᠷᠳᠠᠯᠭ᠎ᠠ ᠶᠢ 24 ᠴᠠᠭ ᠢᠶᠠᠷ ᠰᠦᠯᠵᠢᠶᠡᠨ ᠳᠡᠭᠡᠷ᠎ᠡ ᠭᠥᠯᠢᠶᠡᠨ ᠠᠪᠴᠤ ᠰᠢᠢᠳᠪᠦᠷᠢᠯᠡᠬᠦ ᠪᠣᠯᠵᠠᠢ᠃ ᠣᠳᠣᠬᠠᠨ ᠪᠤᠯᠲᠠᠯ᠎ᠠ ᠣᠯᠠᠨ ᠲᠦᠮᠡᠨ ᠤ ᠮᠠᠰᠢᠨ ᠲᠡᠷᠭᠡ ᠨᠡᠭᠦᠯᠭᠡᠬᠦ ᠭᠤᠶᠤᠴᠢᠯᠠᠯ ᠢ ᠨᠡᠶᠢᠲᠡ 9123 ᠤᠳᠠᠭ᠎ᠠ ᠭᠥᠯᠢᠶᠡᠨ ᠠᠪᠴᠤ ᠰᠢᠢᠳᠪᠦᠷᠢᠯᠡᠨ ᠡᠳᠦᠷ ᠳᠤᠮᠳᠠᠴᠢ ᠪᠠᠷ 300 ᠭᠠᠷᠤᠢ ᠰᠢᠢᠳᠪᠦᠷᠢᠯᠡᠵᠦ ᠪᠤᠢ᠃      ᠭᠦᠭᠡᠬᠤᠲᠠ ᠶᠢᠨ ᠭᠤᠮᠣᠳᠠᠯ ᠱᠠᠭᠠᠷᠳᠠᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠵᠢᠯᠣᠭᠤᠳᠤᠨ ᠲᠣᠬᠢᠷᠠᠭᠤᠯᠬᠤ ᠲᠥᠪ ᠤᠨ ᠬᠠᠷᠢᠭᠤᠴᠠᠯᠭᠠᠲᠠᠨ ᠵᠣᠣ ᠫᠧᠩ᠄ ᠦᠢᠯᠡᠴᠢᠯᠡᠭᠡᠨ ᠤ ᠨᠠᠷᠢᠯᠢᠭ ᠵᠦᠢᠯᠡᠰ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠬᠦ ᠦᠢᠯᠡᠳᠦᠯ ᠴᠢᠳᠠᠪᠬᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠪᠠᠷ ᠪᠠᠷᠢᠮᠵᠢᠶ᠎ᠠ ᠪᠤᠯᠭᠠᠵᠤ᠂ ᠦᠢᠯᠡᠴᠢᠯᠡᠬᠦ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠨ᠂ ᠬᠤᠲᠠ ᠶᠢᠨ ᠠᠷᠠᠳ ᠲᠤ ᠨᠠᠩ ᠳᠥᠭᠦᠮ᠂ ᠥᠨᠳᠥᠷ ᠪᠦᠲᠦᠮᠵᠢᠲᠡᠶ᠂ ᠵᠢᠷᠤᠮᠵᠢᠬᠰᠠᠨ᠂ ᠣᠶᠤᠨᠴᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠶᠡᠷᠦᠩᠬᠡᠢ ᠦᠢᠯᠡᠴᠢᠯᠡᠭᠴᠢ︾ ᠶᠢ ᠴᠢᠷᠮᠠᠶᠢᠨ ᠪᠤᠶ ᠪᠣᠯᠭᠠᠨ᠎ᠠ ᠭᠡᠵᠦ ᠢᠯᠡᠷᠬᠡᠶᠢᠯᠡᠵᠦ ᠪᠠᠶᠢᠯ᠎ᠠ᠃      12345 ᠬᠠᠯᠠᠮᠰᠢᠯ ᠤᠲᠠᠰᠤ ᠶᠢᠨ ᠲᠡᠷᠭᠡ ᠰᠢᠯᠵᠢᠭᠦᠯᠬᠦ ᠦᠢᠯᠡᠴᠢᠯᠡᠭᠡᠨ ᠤ ᠴᠢᠳᠠᠪᠬᠢ ᠶᠢ ᠨᠡᠪᠲᠡᠷᠡᠭᠦᠯᠦᠭᠰᠡᠨ ᠠᠴᠠ ᠭᠠᠳᠠᠨ᠎ᠠ᠂ ᠪᠤᠭᠤᠲᠤ ᠬᠤᠲᠠ ᠶᠢᠨ ᠬᠢᠨ ᠪᠠᠰᠠ 12123APP ᠲᠠᠪᠴᠠᠩ ᠤᠨ ᠨᠢᠭᠡ ᠳᠠᠷᠤᠪᠴᠢ ᠪᠠᠷ ᠲᠡᠷᠭᠡ ᠰᠢᠯᠵᠢᠭᠦᠯᠬᠦ ᠶᠢ ᠭᠤᠶᠤᠴᠢᠯᠠᠵᠤ ᠪᠤᠯᠳᠠᠭ ᠪᠣᠯᠪᠠ᠃ ᠡᠨᠡ ᠵᠢᠯ ᠤᠨ ᠲᠦᠷᠦᠭᠦᠦ 4 ᠰᠠᠷ᠎ᠠ ᠳᠤ᠂ ᠪᠤᠭᠤᠲᠤ ᠬᠤᠲᠠ 12123APP ᠲᠠᠪᠴᠠᠩ ᠤᠨ ᠨᠢᠭᠡ ᠳᠠᠷᠤᠪᠴᠢ ᠪᠠᠷ 33125 ᠤᠳᠠᠭ᠎ᠠ ᠲᠡᠷᠭᠡ ᠰᠢᠯᠵᠢᠭᠦᠯᠬᠦ ᠭᠤᠮᠣᠳᠠᠯ ᠱᠠᠭᠠᠷᠳᠠᠯᠭ᠎ᠠ ᠶᠢ ᠲᠤᠰᠴᠤ᠂ 14677 ᠤᠳᠠᠭ᠎ᠠ ᠠᠮᠵᠢᠯᠲᠠ ᠲᠠᠢ ᠪᠠᠷ ᠲᠡᠷᠭᠡ ᠬᠥᠰᠬᠡ ᠶᠢ ᠰᠢᠯᠵᠢᠭᠦᠯᠪᠡ᠃ ︽ᠲᠡᠷᠭᠡ ᠵᠣᠭᠰᠤᠭᠠᠬᠤ ᠳᠤ ᠬᠦᠴᠢᠷᠲᠡᠢ︾ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠪᠤᠭᠤᠲᠤ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠪᠠᠰᠠ ︽ᠠᠷᠪᠠᠨ ᠮᠢᠨᠦ᠋ᠲ ᠤᠨ ᠳᠣᠲᠣᠷ᠎ᠠ ᠲᠣᠭᠲᠠᠭᠠᠯ ᠠᠴᠠ ᠵᠥᠷᠢᠴᠡᠵᠦ ᠲᠡᠷᠭᠡ ᠵᠣᠭᠰᠣᠭᠠᠭᠰᠠᠨ ᠢ ᠲᠣᠷᠭᠠᠭᠤᠯᠢ ᠠᠴᠠ ᠬᠡᠯᠲᠦᠷᠢᠭᠦᠯᠬᠦ︾ ᠠᠷᠭ᠎ᠠ ᠬᠡᠮᠵᠢᠶ᠎ᠡ ᠠᠪᠤᠪᠠ᠃ ᠲᠦᠷᠦᠭᠦᠦ 4 ᠰᠠᠷ᠎ᠠ ᠳᠤ 42691 ᠬᠥᠮᠥᠨ ︽ᠲᠣᠷᠭᠠᠭᠤᠯᠢ ᠠᠴᠠ ᠬᠡᠯᠲᠦᠷᠢᠭᠦᠯᠬᠦ︾ ᠪᠠᠷ ᠭᠤᠶᠤᠴᠢᠯᠠᠵᠤ᠂ 15166 ᠬᠥᠮᠥᠨ ᠢ ᠲᠣᠷᠭᠠᠭᠤᠯᠢ ᠠᠴᠠ ᠬᠡᠯᠲᠦᠷᠢᠭᠦᠯᠵᠦ᠂ ᠪᠦᠭᠦ ᠬᠤᠲᠠ ᠳᠤ ︽ᠬᠥᠮᠥᠨ ᠪᠦᠭᠦᠨ ᠣᠷᠣᠯᠴᠠᠵᠤ᠂ ᠪᠣᠯᠪᠠᠰᠤᠨ ᠢ ᠬᠠᠮᠲᠤ ᠪᠠᠷ ᠪᠠᠶᠢᠭᠤᠯᠬᠤ︾ ᠵᠠᠮ ᠬᠠᠷᠢᠯᠴᠠᠭᠠᠨ ᠤ ᠵᠠᠰᠠᠯᠲᠠ ᠶᠢᠨ ᠰᠠᠶᠢᠨ ᠰᠠᠶᠢᠬᠠᠨ ᠬᠠᠷᠢᠯᠴᠠᠨ ᠦᠢᠯᠡᠳᠦᠯᠴᠡᠬᠦ ᠪᠠᠶᠢᠷᠢᠰᠢᠯ ᠢ ᠪᠤᠶ ᠪᠣᠯᠭᠠᠪᠠ᠃      ᠲᠡᠷᠭᠡ ᠰᠢᠯᠵᠢᠭᠦᠯᠬᠦ ᠦᠢᠯᠡᠴᠢᠯᠡᠭᠡ ᠨᠢ ᠣᠷᠳᠣᠰ ᠬᠤᠲᠠ ᠶᠢᠨ ᠠᠷᠠᠳ ᠲᠤ ᠲᠥᠭᠦᠮ ᠦᠵᠡᠭᠦᠯᠭᠦ ᠦᠢᠯᠡᠴᠢᠯᠡᠭᠡ ᠶᠢᠨ ᠨᠢᠭᠡ ᠲᠦᠷᠦᠯ ᠪᠣᠯᠤᠭᠰᠠᠨ ᠤ ᠬᠤᠪᠢ ᠳᠤ᠂ ᠠᠯᠢ ᠡᠷᠲᠡ 2018 ᠣᠨ ᠳᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ 12123 ᠲᠠᠪᠴᠠᠩ ᠢ ᠠᠰᠢᠭᠯᠠᠨ ᠬᠡᠷᠡᠭᠵᠢᠭᠦᠯᠵᠦ ᠪᠠᠶᠢᠵᠠᠢ᠃ ᠡᠨᠡ ᠬᠦ ᠠᠷᠠᠳ ᠲᠤ ᠲᠥᠭᠦᠮ ᠦᠵᠡᠭᠦᠯᠭᠦ ᠦᠢᠯᠡᠴᠢᠯᠡᠭᠡᠨ ᠤ ᠲᠠᠪᠴᠠᠩ ᠨᠢ ᠰᠦᠯᠵᠢᠶᠡᠨ ᠳᠤ ᠭᠠᠷᠤᠭᠰᠠᠨ ᠤ ᠳᠠᠷᠠᠭ᠎ᠠ ᠬᠤᠲᠠ ᠶᠢᠨ ᠠᠷᠠᠳ ᠤᠨ ᠬᠦᠷᠢᠶᠡᠯᠡᠯ ᠢ ᠣᠯᠵᠤ᠂ ᠵᠢᠯ ᠪᠦᠷᠢ 7 ᠲᠦᠮᠡ ᠭᠠᠷᠤᠢ ᠬᠥᠮᠥᠨ ᠤᠳᠠᠭ᠎ᠠ ᠳᠤ ᠲᠡᠷᠭᠡ ᠰᠢᠯᠵᠢᠭᠦᠯᠬᠦ ᠦᠢᠯᠡᠴᠢᠯᠡᠭᠡ ᠬᠠᠩᠭᠠᠭᠰᠠᠭᠠᠷ ᠢᠷᠡᠵᠡᠢ᠃ ᠡᠨᠡ ᠵᠢᠯ ᠤᠨ 3 ᠰᠠᠷ᠎ᠠ ᠶᠢᠨ 13 ᠤ ᠡᠳᠦᠷ ᠠᠴᠠ ᠡᠬᠢᠯᠡᠨ ᠣᠷᠳᠣᠰ ᠬᠤᠲᠠ ᠪᠠᠰᠠ 12345 ᠬᠠᠯᠠᠮᠰᠢᠯ ᠤᠲᠠᠰᠤ ᠶᠢᠨ ︽ᠨᠢᠭᠡ ᠳᠠᠷᠤᠪᠴᠢ ᠪᠠᠷ ᠲᠡᠷᠭᠡ ᠰᠢᠯᠵᠢᠭᠦᠯᠬᠦ︾ ᠦᠢᠯᠡᠴᠢᠯᠡᠭᠡ ᠶᠢ ᠨᠠᠪᠲᠠᠷᠡᠭᠦᠯᠵᠦ ᠠᠷᠠᠳ ᠲᠤ ᠨᠡᠩ ᠲᠦᠭᠦᠮ ᠦᠢᠯᠡᠴᠢᠯᠡᠭᠡ ᠬᠦᠷᠲᠡᠭᠡᠬᠦ ᠪᠣᠯᠪᠠ᠃      ︽12345 ᠳᠤ ᠤᠲᠠᠰᠤᠳᠠᠬᠤ ᠠᠴᠠ ᠲᠡᠷᠭᠡ ᠰᠢᠯᠵᠢᠭᠦᠯᠵᠦ ᠥᠭᠬᠦ ᠭᠦᠷᠲᠡᠯ᠎ᠡ᠂ 15 ᠮᠢᠨᠦ᠋ᠲ ᠤᠨ ᠳᠣᠲᠣᠷ᠎ᠠ ᠰᠢᠢᠳᠪᠦᠷᠢᠯᠡᠴᠢᠬᠡᠨ᠎ᠡ︾ ᠭᠡᠵᠦ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠰᠠᠭᠤᠭᠠᠯᠢ ᠠᠷᠠᠳ ᠸᠠᠩ ᠢ ᠱᠥᠸᠧ ᠬᠡᠯᠡᠵᠦ ᠪᠠᠶᠢᠪᠠ᠃ ᠡᠨᠡ ᠵᠢᠯ ᠤᠨ 3 ᠰᠠᠷ᠎ᠠ ᠶᠢᠨ 20 ᠤ ᠡᠳᠦᠷ᠂ ᠤᠯᠠᠭᠠᠨᠬᠠᠳᠠ ᠬᠤᠲᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠭᠦᠮ ᠦᠵᠡᠭᠦᠯᠭᠦ ᠬᠠᠯᠠᠮᠰᠢᠯ ᠤᠲᠠᠰᠤ ᠦᠢᠯᠡᠴᠢᠯᠡᠭᠡ ᠪᠠᠨ ᠥᠷᠭᠡᠳᠬᠡᠵᠦ᠂ ᠲᠡᠷᠭᠡ ᠰᠢᠯᠵᠢᠭᠦᠯᠬᠦ ᠦᠢᠯᠡᠴᠢᠯᠡᠭᠡ ᠶᠢ ᠵᠢᠩᠬᠢᠨᠢ ᠪᠠᠷ ᠨᠡᠪᠲᠡᠷᠡᠭᠦᠯᠪᠡ᠃ ᠤᠲᠠᠰᠤ ᠲᠤᠰᠤᠬᠴᠢ ᠠᠴᠠ ᠬᠤᠲᠠ ᠶᠢᠨ ᠠᠷᠠᠳ ᠤᠨ ᠬᠠᠩᠭᠠᠭᠰᠠᠨ ᠲᠡᠷᠭᠡᠨ ᠨᠣᠮᠧᠷ ᠢ ᠦᠨᠳᠦᠰᠦᠯᠡᠨ ᠮᠠᠰᠢᠨ ᠲᠡᠷᠭᠡᠨ ᠤ ᠡᠵᠡᠨ ᠤ ᠮᠡᠳᠡᠭᠡ ᠵᠠᠩᠭᠢ ᠶᠢ ᠰᠦᠯᠵᠢᠶᠡᠨ ᠳᠡᠭᠡᠷ᠎ᠡ ᠠᠴᠠ ᠪᠠᠶᠢᠴᠠᠭᠠᠨ ᠯᠠᠪᠯᠠᠵᠤ᠂ ᠭᠤᠷᠪᠠᠨ ᠲᠠᠯ᠎ᠠ ᠪᠠᠷ ᠢᠶᠠᠨ ᠤᠲᠠᠰᠤ ᠨᠡᠪᠲᠡᠷᠡᠬᠦ ᠭᠡᠯᠪᠡᠷᠢ ᠪᠠᠷ ᠮᠠᠰᠢᠨ ᠲᠡᠷᠭᠡᠨ ᠤ ᠡᠵᠡᠨ ᠲᠠᠢ ᠬᠠᠷᠢᠯᠴᠠᠵᠤ ᠴᠠᠭ ᠲᠤᠬᠠᠢ ᠳᠤᠨᠢ ᠲᠡᠷᠭᠡ ᠬᠥᠰᠬᠡ ᠶᠢ ᠰᠢᠯᠵᠢᠭᠦᠯᠵᠦ᠂ ᠵᠠᠷᠢᠮ ᠲᠡᠷᠭᠡ ᠬᠥᠰᠬᠡ ᠪᠤᠰᠤᠳ ᠲᠡᠷᠭᠡ ᠬᠥᠰᠬᠡ ᠶᠢᠨ ᠨᠡᠪᠲᠡᠷᠡᠬᠦ ᠶᠢ ᠬᠠᠷᠰᠢᠯᠠᠬᠤ᠂ ᠪᠤᠰᠤᠳ ᠤᠨ ᠲᠡᠷᠭᠡᠨ ᠵᠣᠭᠰᠣᠭᠠᠯ ᠢ ᠳᠤᠷ᠎ᠠ ᠪᠠᠷ ᠡᠵᠡᠯᠡᠨ ᠬᠡᠷᠡᠭᠯᠡᠬᠦ ᠵᠡᠷᠭᠡ ᠪᠣᠯᠪᠠᠰᠤᠨ ᠪᠤᠰᠤ ᠵᠠᠮ ᠬᠠᠷᠢᠯᠴᠠᠭᠠᠨ ᠤ ᠦᠢᠯᠡ ᠠᠵᠢᠯᠯᠠᠭ᠎ᠠ ᠶᠢ ᠪᠦᠲᠦᠮᠵᠢᠲᠡᠶ ᠪᠠᠭᠠᠰᠬᠠᠭᠰᠠᠨ ᠪᠠᠶᠢᠨ᠎ᠠ᠃      ︽ᠣᠳᠣᠬᠠᠨ ᠪᠤᠯᠲᠠᠯ᠎ᠠ᠂ ᠤᠯᠠᠭᠠᠨᠬᠠᠳᠠ ᠬᠤᠲᠠ ᠲᠡᠷᠭᠡ ᠰᠢᠯᠵᠢᠭᠦᠯᠬᠦ ᠬᠦᠰᠡᠯ ᠱᠠᠭᠠᠷᠳᠠᠯᠭ᠎ᠠ ᠶᠢ 3036 ᠬᠤᠪᠢ ᠭᠥᠯᠢᠶᠡᠨ ᠠᠪᠴᠤ ᠰᠢᠢᠳᠪᠦᠷᠢᠯᠡᠨ᠂ ᠨᠠᠩ ᠳᠥᠭᠦᠮ ᠵᠠᠮ ᠬᠠᠷᠢᠯᠴᠠᠭᠠᠨ ᠤ ᠣᠷᠴᠢᠨ ᠨᠥᠬᠦᠴᠡᠯ ᠢ ᠪᠤᠶ ᠪᠣᠯᠭᠠᠪᠠ︾ ᠭᠡᠵᠦ ᠤᠯᠠᠭᠠᠨᠬᠠᠳᠠ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠳᠡᠳ᠋ ᠡᠷᠭᠢᠯᠡᠭᠴᠢ ᠵᠣᠣ ᠶᠠᠨ ᠬᠡᠯᠡᠪᠡ᠃ ᠣᠳᠣᠬᠠᠨ ᠳᠤ ᠤᠯᠠᠭᠠᠨᠬᠠᠳᠠ ᠬᠤᠲᠠ ᠶᠢᠨ 12345 ᠬᠠᠯᠠᠮᠰᠢᠯ ᠤᠲᠠᠰᠤ ᠨᠢᠭᠡᠨᠲᠡ 24 ᠴᠠᠭ ᠢᠶᠠᠷ ᠲᠡᠷᠭᠡ ᠰᠢᠯᠵᠢᠭᠦᠯᠬᠦ ᠳᠤ ᠲᠤᠰᠠᠯᠠᠮᠵᠢ ᠦᠵᠡᠭᠦᠯᠭᠦ ᠦᠢᠯᠡᠴᠢᠯᠡᠭᠡ ᠬᠠᠩᠭᠠᠬᠤ ᠶᠢ ᠪᠡᠶᠡᠯᠡᠭᠦᠯᠪᠡ᠃      ᠪᠦᠷᠢᠳᠬᠡᠯ ᠢ ᠦᠨᠳᠦᠰᠦᠯᠡᠪᠡᠯ᠂ 2023 ᠣᠨ ᠳᠤ ᠤᠯᠠᠭᠠᠨᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ︽ᠲᠡᠷᠭᠡ ᠰᠢᠯᠵᠢᠭᠦᠯᠬᠦ ᠲᠥᠷᠥᠯ︾ ᠤᠨ ᠲᠤᠰᠠᠯᠠᠮᠵᠢ ᠭᠤᠶᠤᠴᠢᠯᠠᠬᠤ ᠤᠲᠠᠰᠤ ᠶᠢ 9000 ᠭᠠᠷᠤᠢ ᠲᠤᠰᠴᠠᠢ᠃ ᠬᠢᠩᠭᠠᠨ ᠠᠶᠢᠮᠠᠭ ᠤᠨ ᠨᠡᠶᠢᠭᠡᠮ ᠤᠨ ᠵᠠᠰᠠᠯᠲᠠ ᠶᠢᠨ ᠲᠥᠪ ᠤᠨ ᠬᠢᠨ ᠠᠶᠢᠮᠠᠭ ᠤᠨ ᠲᠥᠪ ᠤᠯᠠᠭᠠᠨᠬᠤᠲᠠ ᠶᠢᠨ ᠨᠡᠶᠢᠭᠡᠮ ᠤᠨ ᠵᠠᠰᠠᠯᠲᠠ ᠶᠢᠨ ᠲᠥᠪ ᠲᠠᠢ ᠬᠤᠯᠪᠤᠭᠠᠯᠠᠨ ᠣᠶᠤᠨᠴᠢ ᠲᠠᠪᠴᠠᠩ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠵᠠᠰᠠᠯᠲᠠ ᠶᠢᠨ ᠣᠶᠤᠨᠴᠢ ᠲᠠᠪᠴᠠᠩ ᠤᠨ ᠲᠡᠷᠭᠡ ᠬᠥᠰᠬᠡ ᠶᠢᠨ ᠬᠠᠮᠢᠶᠠᠷᠤᠯᠲᠠ ᠶᠢᠨ ᠬᠤᠯᠪᠤᠭᠠᠯᠠᠨ ᠬᠥᠳᠡᠯᠦᠯᠴᠡᠵᠦ ᠬᠤᠯᠪᠤᠭᠠᠯᠠᠨ ᠵᠠᠰᠠᠬᠤ ᠠᠵᠢᠯ ᠥᠷᠨᠢᠭᠦᠯᠪᠡ᠃      ᠡᠨᠡ ᠵᠢᠯ ᠤᠨ 3 ᠰᠠᠷ᠎ᠠ ᠶᠢᠨ 10 ᠤ ᠡᠳᠦᠷ ᠠᠴᠠ ᠡᠬᠢᠯᠡᠨ᠂ ᠬᠢᠩᠭᠠᠨ ᠠᠶᠢᠮᠠᠭ ᠤᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠭᠦᠮ ᠦᠵᠡᠭᠦᠯᠭᠦ ᠬᠠᠯᠠᠮᠰᠢᠯ ᠤᠲᠠᠰᠤ ᠳᠤ ᠨᠡᠮᠡᠵᠦ ᠲᠣᠬᠢᠷᠠᠭᠤᠯᠤᠭᠰᠠᠨ ᠲᠡᠷᠭᠡ ᠰᠢᠯᠵᠢᠭᠦᠯᠬᠦ ᠦᠢᠯᠡᠴᠢᠯᠡᠭᠡᠨ ᠤ ᠴᠢᠳᠠᠪᠬᠢ ᠶᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠪᠠ᠃ ᠣᠳᠣᠬᠠᠨ ᠳᠤ᠂ ᠬᠢᠩᠭᠠᠨ ᠠᠶᠢᠮᠠᠭ ᠤᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠭᠦᠮ ᠦᠵᠡᠭᠦᠯᠭᠦ ᠬᠠᠯᠠᠮᠰᠢᠯ ᠤᠲᠠᠰᠤᠨ ᠤ ᠲᠠᠪᠴᠠᠩ ᠨᠢ ᠨᠢᠭᠡᠨᠲᠡ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠮᠠᠰᠢᠨ ᠲᠡᠷᠭᠡᠨ ᠤ ᠮᠡᠳᠡᠭᠡ ᠵᠠᠩᠭᠢ ᠶᠢᠨ ᠬᠥᠮᠥᠷᠭᠡ ᠯᠦᠭᠡ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠵᠦ᠂ ᠪᠦᠭᠦ ᠠᠶᠢᠮᠠᠭ ᠤᠨ ᠣᠯᠠᠨ ᠲᠦᠮᠡᠨ ᠳᠤ ᠲᠡᠷᠭᠡ ᠰᠢᠯᠵᠢᠭᠦᠯᠬᠦ ᠦᠢᠯᠡᠴᠢᠯᠡᠭᠡ ᠬᠠᠩᠭᠠᠵᠤ ᠪᠤᠢ᠃      ᠠᠯᠠᠱᠠ ᠠᠶᠢᠮᠠᠭ ᠤᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠭᠦᠮ ᠦᠵᠡᠭᠦᠯᠭᠦ ᠬᠠᠯᠠᠮᠰᠢᠯ ᠤᠲᠠᠰᠤ ᠨᠢ 2021 ᠣᠨ ᠤ 4 ᠰᠠᠷ᠎ᠠ ᠳᠤ ᠲᠡᠷᠭᠡ ᠰᠢᠯᠵᠢᠭᠦᠯᠬᠦ ᠦᠢᠯᠡᠴᠢᠯᠡᠭᠡ ᠶᠢ ᠨᠡᠪᠲᠡᠷᠡᠭᠦᠯᠦᠭᠰᠡᠨ ᠤ ᠳᠠᠷᠠᠭ᠎ᠠ᠂ 3 ᠵᠢᠯ ᠤᠨ ᠲᠤᠷᠰᠢ ᠨᠡᠶᠢᠲᠡ 51568 ᠤᠳᠠᠭᠠᠨ ᠤ ᠲᠡᠷᠭᠡ ᠰᠢᠯᠵᠢᠭᠦᠯᠬᠦ ᠠᠵᠢᠯ ᠢ ᠭᠥᠯᠢᠶᠡᠨ ᠠᠪᠴᠤ ᠰᠢᠢᠳᠪᠦᠷᠢᠯᠡᠪᠡ᠃ ᠡᠨᠡ ᠵᠢᠯ ᠠᠯᠠᠱᠠ ᠠᠶᠢᠮᠠᠭ ᠤᠨ 12345 ᠬᠠᠯᠠᠮᠰᠢᠯ ᠤᠲᠠᠰᠤ ᠨᠢ ᠤᠤᠯ ᠤᠨ ᠲᠡᠷᠭᠡ ᠰᠢᠯᠵᠢᠭᠦᠯᠬᠦ ᠦᠢᠯᠡᠴᠢᠯᠡᠭᠡᠨ ᠤ ᠰᠠᠭᠤᠷᠢᠨ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠬᠠᠯᠠᠮᠰᠢᠯ ᠤᠲᠠᠰᠤ ᠶᠢᠨ ᠲᠡᠷᠭᠡ ᠰᠢᠯᠵᠢᠭᠦᠯᠬᠦ ᠦᠢᠯᠡᠴᠢᠯᠡᠭᠡ ᠲᠠᠢ ᠱᠠᠲᠤ ᠠᠯᠤᠰᠯᠠᠨ ᠬᠤᠯᠪᠤᠭᠠᠯᠠᠨ ᠬᠥᠳᠡᠯᠦᠯᠴᠡᠵᠦ᠂ ᠵᠣᠯᠭᠠᠭᠤᠯᠤᠨ ᠠᠭᠤᠰᠤᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠵᠥᠪᠭᠡᠨ 1 ᠮᠢᠨᠦ᠋ᠲ 20 ᠰᠧᠺᠦ᠋ᠨ᠋ᠳ᠋ ᠤᠨ ᠳᠣᠲᠣᠷ᠎ᠠ ᠲᠡᠷᠭᠡ ᠰᠢᠯᠵᠢᠭᠦᠯᠬᠦ ᠶᠢ ᠪᠡᠶᠡᠯᠡᠭᠦᠯᠪᠡ᠃ ᠡᠨᠡ ᠵᠢᠯ ᠠᠴᠠ ᠨᠠᠭᠠᠰᠢ ᠲᠡᠷᠭᠡ ᠰᠢᠯᠵᠢᠭᠦᠯᠬᠦ 6977 ᠬᠤᠪᠢ ᠭᠤᠮᠣᠳᠠᠯ ᠱᠠᠭᠠᠷᠳᠠᠯᠭ᠎ᠠ ᠶᠢ ᠲᠤᠰᠴᠤ᠂ ᠡᠳᠦᠷ ᠳᠤᠮᠳᠠᠴᠢ ᠪᠠᠷ 65 ᠲᠡᠷᠭᠡ ᠰᠢᠯᠵᠢᠭᠦᠯᠵᠦ ᠪᠤᠢ᠃      ︽ᠮᠢᠨᠤ ᠮᠠᠰᠢᠨ ᠲᠡᠷᠭᠡ ᠬᠠᠰᠢᠭᠳᠠᠭᠠᠳ ᠭᠠᠷᠴᠤ ᠳᠡᠶᠢᠯᠭᠦ ᠦᠭᠡᠢ ᠪᠣᠯᠵᠠᠢ᠂ ᠨᠦᠭᠦᠭᠡ ᠮᠠᠰᠢᠨ ᠲᠡᠷᠭᠡᠨ ᠤ ᠡᠵᠡᠨ ᠢ ᠨᠢ ᠳᠠᠭᠤᠳᠠᠭᠠᠳ ᠰᠢᠯᠵᠢᠭᠦᠯᠵᠦ ᠥᠭᠬᠦ ᠪᠣᠯᠪᠠᠤ︖︾᠂ ︽ᠲᠦᠷ ᠬᠦᠯᠢᠶᠡᠵᠦ ᠪᠠᠶᠢᠭᠠᠷᠠᠢ᠂ ᠪᠢᠳᠡ ᠣᠳᠣ ᠪᠠᠷ ᠢᠶᠠᠨ ᠮᠠᠰᠢᠨ ᠲᠡᠷᠭᠡᠨ ᠤ ᠡᠵᠡᠨ ᠲᠠᠢ ᠬᠠᠷᠢᠯᠴᠠᠶ᠎ᠠ︾᠃ ᠦᠬᠠᠢ ᠬᠤᠲᠠ ᠶᠢᠨ 12345 ᠬᠤᠳᠠ ᠶᠢᠨ ᠠᠷᠠᠳ ᠤᠨ ᠦᠢᠯᠡᠴᠢᠯᠡᠭᠡᠨ ᠤ ᠬᠠᠯᠠᠮᠰᠢᠯ ᠤᠲᠠᠰᠤᠨ ᠳᠤ ᠤᠲᠠᠰᠤᠳᠠᠭᠠᠳ 5 ᠮᠢᠨᠦ᠋ᠲ ᠪᠣᠯᠣᠯ ᠦᠭᠡᠢ ᠪᠠᠷ ᠮᠠᠰᠢᠨ ᠲᠡᠷᠭᠡᠨ ᠤ ᠡᠵᠡᠨ ᠨᠢ ᠢᠷᠡᠵᠦ ᠲᠡᠷᠭᠡ ᠪᠠᠨ ᠰᠢᠯᠵᠢᠭᠦᠯᠪᠡ᠃      ᠲᠡᠷᠭᠡ ᠰᠢᠯᠵᠢᠭᠦᠯᠬᠦ ᠱᠠᠭᠠᠷᠳᠠᠯᠭ᠎ᠠ ᠲᠠᠢ ᠪᠣᠯ᠂ 12345 ᠬᠤᠲᠠ ᠶᠢᠨ ᠠᠷᠠᠳ ᠤᠨ ᠦᠢᠯᠡᠴᠢᠯᠡᠭᠡᠨ ᠤ ᠬᠠᠯᠠᠮᠰᠢᠯ ᠤᠲᠠᠰᠤ ᠳᠤ ᠤᠲᠠᠰᠤᠳᠠᠬᠤ ᠨᠢ ᠠᠳᠡᠬᠢ ᠶᠢᠨ ᠳᠠᠳᠬᠠᠯ ᠪᠣᠯᠵᠠᠢ᠃ ᠪᠦᠷᠢᠳᠬᠡᠯ ᠢ ᠦᠨᠳᠦᠰᠦᠯᠡᠪᠡᠯ᠂ ᠦᠬᠠᠢ ᠬᠤᠲᠠ ᠶᠢᠨ 90% ᠣᠷᠴᠢᠮ ᠤᠨ ᠬᠤᠲᠠ ᠶᠢᠨ ᠠᠷᠠᠳ ᠨᠢᠭᠡᠨᠲᠡ ︽ᠦᠬᠠᠢ ᠶᠢᠨ 12345︾ ᠶᠢᠨ ᠬᠡᠷᠡᠭᠯᠡᠭᠴᠢ ᠪᠣᠯᠵᠠᠢ᠃ ᠡᠩ ᠤᠨ ᠦᠶ᠎ᠡ ᠳᠤ᠂ 12345 ᠳᠤ ᠤᠲᠠᠰᠤᠳᠠᠪᠠᠯ ᠲᠡᠷᠭᠡ ᠰᠢᠯᠵᠢᠭᠦᠯᠬᠦ᠂ ᠡᠭᠦᠳᠡᠨ ᠣᠨᠢᠰᠤ ᠨᠡᠭᠡᠭᠡᠯᠭᠡᠬᠦ᠂ ᠭᠠᠵᠠᠷ ᠳᠣᠣᠷᠠᠬᠢ ᠤᠰᠤᠨ ᠬᠤᠭᠤᠯᠠᠢ ᠶᠢ ᠨᠡᠪᠲᠡᠷᠡᠭᠦᠯᠬᠦ ᠁ ᠠᠮᠢᠳᠤᠷᠠᠯ ᠳᠤᠮᠳᠠᠬᠢ ᠮᠠᠰᠢ ᠣᠯᠠᠨ ᠲᠦᠪᠡᠭ ᠲᠠᠢ ᠠᠷᠰᠠᠷ ᠶᠠᠪᠤᠳᠠᠯ ᠢ ᠴᠥᠮ ᠦᠳᠲᠡᠷ ᠲᠦᠷᠭᠡᠨ ᠰᠢᠢᠳᠪᠦᠷᠢᠯᠡᠵᠦ ᠴᠢᠳᠠᠨ᠎ᠠ᠃      ᠡᠭᠦᠨ ᠢᠶᠠᠷ ᠪᠠᠷᠠᠬᠤ ᠦᠭᠡᠢ᠂ ᠦᠬᠠᠢ ᠬᠤᠲᠠ ᠶᠢᠨ ᠲᠣᠮᠣ ᠳ᠋ᠠᠶᠢᠲ᠋ᠠ ᠶᠢᠨ ᠲᠥᠪ ᠠᠴᠠ ᠲᠦᠷᠦᠭᠦᠯᠡᠨ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠪᠤᠷᠢ ᠠᠩᠭᠢ ᠲᠠᠢ ᠬᠠᠮᠲᠤ ᠪᠠᠷ ᠨᠡᠭᠡᠭᠡᠨ ᠬᠥᠭᠵᠢᠭᠦᠯᠦᠭᠰᠡᠨ ︽ᠦᠵᠡᠰᠬᠦᠯᠡᠩᠲᠦ ᠰᠠᠶᠢᠬᠠᠨ ᠦᠬᠠᠢ︾ ᠬᠤᠲᠠ ᠶᠢᠨ APP ᠣᠶᠤᠨᠲᠤ ᠲᠡᠷᠭᠡ ᠰᠢᠯᠵᠢᠭᠦᠯᠬᠦ ᠲᠠᠪᠴᠠᠩ ᠨᠢᠳᠤᠨᠤᠨ ᠵᠢᠩᠬᠢᠨᠢ ᠪᠠᠷ ᠠᠰᠢᠭᠯᠠᠯᠲᠠ ᠳᠤ ᠣᠷᠣᠪᠠ᠃ ᠬᠤᠲᠠ ᠶᠢᠨ ᠠᠷᠠᠳ ᠵᠥᠪᠭᠡᠨ ︽ᠦᠵᠡᠰᠬᠦᠯᠡᠩᠲᠦ ᠰᠠᠶᠢᠬᠠᠨ ᠦᠬᠠᠢ︾ ᠵᠢᠷᠭᠢᠶ᠎ᠡ ᠶᠢᠨ ᠣᠯᠠᠨ ᠨᠡᠶᠢᠲᠡ ᠶᠢᠨ ᠳ᠋ᠤᠭᠠᠷ ᠢ ᠠᠩᠬᠠᠷᠴᠤ᠂ ᠲᠡᠷᠭᠡ ᠰᠢᠯᠵᠢᠭᠦᠯᠬᠦ ᠦᠢᠯᠡᠴᠢᠯᠡᠭᠡ ᠶᠢᠨ ᠨᠢᠭᠤᠷ ᠲᠠᠯ᠎ᠠ ᠳᠤ ᠰᠢᠯᠵᠢᠭᠦᠯᠬᠦ ᠴᠢᠬᠤᠯᠠ ᠲᠠᠢ ᠮᠠᠰᠢᠨ ᠲᠡᠷᠭᠡᠨ ᠤ ᠨᠣᠮᠧᠷ᠂ ᠥᠪᠡᠷ ᠤᠨ ᠮᠠᠰᠢᠨ ᠲᠡᠷᠭᠡᠨ ᠤ ᠨᠣᠮᠧᠷ ᠵᠢᠴᠢ ᠭᠠᠷ ᠤᠲᠠᠰᠤᠨ ᠤ ᠨᠣᠮᠧᠷ ᠢᠶᠠᠨ ᠣᠷᠣᠭᠤᠯᠪᠠᠯ ᠳᠠᠷᠤᠢ ᠭᠠᠷ ᠤᠲᠠᠰᠤ ᠪᠤᠶᠤ ᠠᠪᠢᠶᠠᠨ ᠤ ᠭᠡᠯᠪᠡᠷᠢ ᠪᠠᠷ ᠨᠥᠭᠦᠭᠡᠳᠡᠭᠢ ᠮᠠᠰᠢᠨ ᠲᠡᠷᠭᠡᠨ ᠤ ᠡᠵᠡᠨ ᠳᠤ ᠮᠡᠳᠡᠭᠳᠡᠵᠦ ᠪᠤᠯᠬᠤ ᠪᠥᠭᠡᠳ ᠪᠤᠶ ᠪᠦᠬᠦᠢ ᠮᠡᠳᠡᠭᠳᠡᠯ ᠳᠤ ᠴᠥᠮ ᠬᠡᠶᠢᠰᠪᠦᠷᠢ ᠨᠣᠮᠧᠷ ᠢ ᠬᠡᠷᠡᠭᠯᠡᠵᠦ᠂ ᠬᠤᠶᠠᠷ ᠲᠠᠯ᠎ᠠ ᠶᠢᠨ ᠬᠤᠪᠢ ᠬᠥᠮᠥᠨ ᠤ ᠨᠢᠭᠤᠴᠠ ᠶᠢ ᠦᠯᠦ ᠵᠠᠳᠠᠷᠠᠭᠤᠯᠬᠤ ᠶᠢ ᠪᠠᠲᠤᠯᠠᠵᠤ ᠴᠢᠳᠠᠳᠠᠭ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号