ᠴᠢᠩ ᠴᠢᠤᠸᠠᠨ ᠵᠡᠭᠡᠯᠢ ᠶᠢᠨ ᠨᠡᠶᠢᠭᠡᠮ ᠲᠣᠭᠤᠷᠢᠭ᠄ ᠠᠨᠠᠷ ᠤᠨ ᠴᠡᠴᠡᠭ ᠳᠡᠯᠭᠡᠷᠡᠵᠦ ᠰᠤᠶᠤᠯ ᠪᠡᠶ᠎ᠡ ᠶᠢᠨ ᠲᠠᠮᠢᠷ ᠤᠨ ᠬᠦᠳᠡᠯᠭᠡᠭᠡᠨ ᠠᠷᠠᠳ ᠤᠨ ᠰᠡᠳᠬᠢᠯ ᠢ ᠪᠠᠶᠠᠰᠬᠠᠨ᠎ᠠ
ᠨᠡᠶᠢᠲᠡᠯᠡᠭᠰᠡᠨ ᠴᠠᠭ᠄
2024/4/29
     ᠲᠦᠷᠦᠭᠦᠬᠡᠨ᠂ ᠨᠡᠶᠢᠭᠡᠮ ᠲᠣᠭᠤᠷᠢᠭ ᠤᠨ ᠰᠤᠨᠢᠷᠬᠠᠯᠲᠤ ᠪᠡᠶ᠎ᠡ ᠴᠢᠬᠢᠷᠠᠭᠵᠢᠭᠤᠯᠬᠤ ᠬᠦᠳᠡᠯᠭᠡᠭᠡᠨ ᠢᠦᠢ ᠴᠢᠤᠸᠠᠨ ᠲᠤᠭᠤᠷᠢᠭ ᠤᠨ ᠰᠢᠩ ᠯᠦᠩ ᠭᠤᠲᠤᠮᠵᠢ ᠨᠡᠶᠢᠭᠡᠮ ᠲᠣᠭᠤᠷᠢᠭ ᠤᠨ ᠴᠢᠩ ᠴᠢᠤᠸᠠᠨ ᠵᠡᠭᠡᠯᠢ ᠶᠢᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠵᠢᠵᠢᠭ ᠠᠭᠤᠳᠠᠮ ᠲᠠᠯᠠᠪᠠᠶ ᠳᠤ ᠡᠬᠢᠯᠡᠪᠡ᠃
     ᠡᠩ ᠤᠨ ᠦᠶ᠎ᠡ ᠳᠤ᠂ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠶᠠᠭᠠᠷᠠᠯᠲᠠᠶ᠂ ᠡᠰᠡᠬᠦᠯ᠎ᠡ ᠭᠠᠳᠠᠭᠰᠢ ᠭᠦᠶᠦᠵᠦ᠂ ᠡᠰᠡᠬᠦᠯ᠎ᠡ ᠤᠷᠲᠤ ᠬᠤᠭᠤᠴᠠᠭ᠎ᠠ ᠪᠠᠷ ᠰᠠᠭᠤᠵᠤ᠂ ᠨᠡᠶᠢᠭᠡᠮ ᠲᠣᠭᠤᠷᠢᠭ ᠤᠨ ᠬᠢᠨ ᠺᠠᠳ᠋ᠷ ᠤᠨ ᠠᠵᠢᠯ ᠤᠨ ᠴᠢᠯᠥᠭᠡᠨ ᠤ ᠰᠣᠶᠣᠯ ᠪᠡᠶ᠎ᠡ ᠶᠢᠨ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠬᠤ᠂ ᠡᠷᠡᠭᠦᠯ ᠮᠡᠨᠳᠤ ᠶᠢᠨ ᠠᠵᠢᠯ᠂ ᠪᠠᠶᠠᠷ ᠬᠥᠷ ᠲᠠᠢ ᠠᠮᠢᠳᠤᠷᠠᠯ ᠤᠨ ᠣᠶᠢᠯᠠᠭᠠᠭᠳᠠᠬᠤᠨ ᠢ ᠳᠡᠯᠭᠡᠷᠡᠭᠦᠯᠬᠦ ᠶᠢᠨ ᠲᠥᠯᠥᠭᠡ᠂ ᠣᠨᠴᠠᠭᠠᠶᠢᠯᠠᠨ ᠡᠳᠦᠷ ᠪᠦᠷᠢ ᠬᠠᠭᠠᠰ ᠴᠠᠭ ᠭᠠᠷᠭᠠᠵᠤ ᠠᠵᠢᠯᠲᠠᠳ ᠲᠤ ᠪᠣᠯᠪᠠᠰᠤᠷᠠᠯ ᠬᠦᠷᠲᠡᠭᠡᠵᠦ᠂ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠶᠡᠭᠡ ᠠᠴᠠ ᠪᠠᠭ᠎ᠠ ᠪᠣᠯᠭᠠᠵᠤ᠂ ᠶᠠᠷᠰᠢᠭᠲᠠᠶ ᠠᠴᠠ ᠳᠥᠭᠦᠮ ᠳᠥᠲᠡ ᠪᠣᠯᠭᠠᠵᠤ᠂ ᠬᠥᠳᠡᠯᠭᠡᠭᠡᠨ ᠤ ᠬᠦᠴᠢᠷᠳᠡᠯ ᠤᠨ ᠬᠡᠮᠵᠢᠶ᠎ᠡ ᠳᠣᠤᠷ᠎ᠠ᠂ ᠳᠥᠭᠦᠮ ᠠᠪᠰᠠᠷᠬᠠᠨ ᠪᠠᠶᠢᠵᠤ᠂ ᠣᠷᠣᠯᠴᠠᠬᠤ ᠬᠡᠮᠵᠢᠶ᠎ᠡ ᠪᠠᠷ ᠥᠨᠳᠥᠷ᠂ ᠰᠣᠨᠢᠷᠬᠠᠯᠲᠤ ᠴᠢᠨᠠᠷ ᠢᠶᠠᠷ ᠴᠢᠩᠭ᠎ᠠ ᠪᠠᠶᠢᠳᠠᠭ᠃
     ᠣᠯᠠᠨ ᠢᠶᠠᠷ ᠢᠶᠠᠨ ᠪᠡᠶ᠎ᠡ ᠰᠡᠳᠬᠢᠯ ᠢᠶᠠᠨ ᠠᠮᠠᠷᠠᠭᠤᠯᠬᠤ ᠶᠢᠨ ᠬᠠᠮᠲᠤ ᠬᠠᠷᠢᠯᠴᠠᠨ ᠨᠢᠭᠲᠠᠷᠠᠯ ᠤᠨ ᠬᠦᠴᠦᠨ ᠢᠶᠠᠨ ᠨᠡᠮᠡᠭᠳᠡᠭᠦᠯᠬᠦ ᠪᠥᠭᠡᠳ ᠪᠦᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢ ᠨᠡᠶᠢᠭᠡᠮ ᠲᠣᠭᠤᠷᠢᠭ ᠲᠤ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠪᠠ᠃      ᠳᠠᠭᠤᠤ ᠬᠥᠭᠵᠢᠮ ᠤᠨ ᠵᠢᠮ᠎ᠡ ᠶᠣᠰᠣ ᠶᠢ ᠳᠠᠭᠠᠯᠳᠤᠨ᠂ ᠨᠡᠶᠢᠭᠡᠮ ᠲᠣᠭᠤᠷᠢᠭ ᠤᠨ ᠠᠵᠢᠯᠲᠠᠳ ᠲᠡᠷᠢ ᠲᠡᠭᠰᠢ᠂ ᠴᠤᠭ ᠵᠢᠪᠬᠤᠭ᠎ᠠ ᠪᠠᠳᠠᠷᠠᠩᠭᠤᠶ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠬᠢᠵᠦ᠂ ᠪᠠᠰᠠ ᠵᠠᠷᠢᠮ ᠬᠥᠮᠦᠰ ᠥᠪᠡᠷ ᠤᠨ ᠳᠤᠷ᠎ᠠ ᠪᠠᠬ᠎ᠠ ᠪᠠᠨ ᠦᠨᠳᠦᠰᠦᠯᠡᠨ ᠪᠤᠰᠤᠳ ᠲᠠᠮᠢᠷ ᠤᠨ ᠲᠥᠷᠥᠯ ᠵᠦᠢᠯ ᠢ ᠰᠣᠩᠭᠤᠪᠠ᠂ ᠵᠢᠱᠢᠶᠡᠯᠡᠪᠡᠯ ᠲᠡᠪᠡᠭ᠂ ᠤᠭᠠᠯᠵᠠᠨ ᠳᠡᠭᠡᠰᠦ ᠦᠰᠦᠷᠬᠦ ᠵᠡᠷᠭᠡ ᠲᠥᠷᠥᠯ ᠵᠦᠢᠯ ᠨᠢ᠂ ᠬᠤᠪᠢ ᠬᠥᠮᠦᠨ ᠤ ᠲᠠᠮᠢᠷ ᠤᠨ ᠬᠥᠳᠡᠯᠭᠡᠭᠡᠨ ᠢ ᠰᠢᠯᠭᠠᠬᠤ ᠴᠢᠳᠠᠪᠤᠷᠢ ᠲᠠᠢ ᠭᠠᠭᠴᠠ ᠬᠥᠮᠦᠨ ᠤ ᠲᠥᠷᠥᠯ ᠵᠦᠢᠯ ᠪᠠᠶᠢᠬᠤ ᠮᠥᠷᠲᠡᠭᠡᠨ ᠪᠠᠰᠠ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠬᠠᠮᠲᠤ ᠶᠢᠨ ᠤᠷᠤᠯᠳᠤᠭᠠᠨ ᠢᠶᠠᠷ ᠲᠠᠮᠵᠢᠨ ᠣᠯᠠᠨ ᠢᠶᠠᠷ ᠢᠶᠠᠨ ᠲᠦᠷ ᠴᠠᠭ ᠭᠠᠷ ᠬᠥᠳᠡᠯᠵᠦ᠂ ᠨᠢᠭᠡ ᠨᠢᠭᠡ ᠪᠠᠷ ᠢᠶᠠᠨ ᠴᠤᠭ ᠵᠢᠪᠬᠤᠭ᠎ᠠ ᠪᠠᠳᠠᠷᠠᠩᠭᠤᠶ ᠪᠠᠶᠢᠵᠤ᠂ ᠥᠪᠡᠷ ᠥᠪᠡᠷ ᠤᠨ ᠡᠷᠳᠡᠮ ᠴᠢᠳᠠᠯ ᠢᠶᠠᠨ ᠭᠠᠶᠢᠬᠠᠭᠤᠯᠪᠠ︔ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠴᠤ ᠬᠤᠶᠢᠨ᠎ᠠ ᠬᠤᠶᠢᠨ᠎ᠠ ᠠᠴᠠ ᠪᠠᠨ ᠪᠠᠶᠢᠨ ᠪᠠᠶᠢᠨ ᠣᠷᠣᠯᠴᠠᠵᠤ᠂ ᠡᠷᠬᠢᠨ ᠲᠣᠭᠤᠷᠢᠨ ᠤ ᠪᠠᠶᠠᠷᠯᠠᠨ ᠬᠠᠰᠬᠢᠷᠬᠤ ᠳᠠᠭᠤᠨ ᠠᠳᠡ ᠲᠡᠨᠳᠡ ᠦᠭᠡᠢ ᠴᠤᠤᠷᠢᠶᠠᠲᠤᠨ᠎ᠠ᠃
     ᠡᠶᠢᠮᠦᠷᠬᠦ ᠰᠣᠨᠢᠷᠬᠠᠯᠳᠤ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠨᠢ ᠵᠠᠯᠠᠭᠤ ᠨᠠᠰᠤᠨ ᠤ ᠠᠮᠢᠵᠢᠷᠠᠯ ᠤᠨ ᠬᠦᠴᠦᠨ ᠢ ᠨᠡᠶᠢᠭᠡᠮ ᠲᠣᠭᠤᠷᠢᠭ ᠲᠤ ᠪᠠᠳᠠᠷᠠᠭᠤᠯᠬᠤ ᠪᠠᠷ ᠪᠠᠷᠠᠬᠤ ᠥᠬᠡᠶ ᠪᠠᠰᠠ ᠠᠷᠠᠳ ᠣᠯᠠᠨ ᠤ ᠪᠡᠶ᠎ᠡ ᠶᠢᠨ ᠲᠠᠮᠢᠷ ᠤᠨ ᠠᠵᠢᠯᠯᠠᠭ᠎ᠠ ᠳᠤ ᠣᠷᠣᠯᠴᠠᠬᠤ ᠳᠤᠷ᠎ᠠ ᠰᠣᠨᠢᠷᠬᠠᠯ ᠢ ᠤᠯᠠᠮ ᠨᠢᠭᠡ ᠠᠯᠬᠤᠮ ᠬᠥᠭᠵᠢᠭᠡᠵᠦ᠂ ᠰᠠᠭᠤᠭᠠᠯᠢ ᠠᠷᠠᠳ ᠤᠨ ᠬᠤᠭᠤᠷᠣᠨᠳᠣᠬᠢ ᠬᠥᠷᠰᠢ ᠵᠡᠷᠭᠡᠯᠡᠳᠡᠭᠡ ᠶᠢᠨ ᠲᠥᠷᠥᠯ ᠰᠠᠳᠤᠨ ᠤ ᠰᠡᠳᠬᠢᠯᠭᠡ ᠶᠢ ᠡᠶ᠎ᠡ ᠨᠠᠶᠢᠷᠲᠠᠶ ᠪᠣᠯᠭᠠᠵᠤ᠂ ᠨᠡᠶᠢᠭᠡᠮ ᠲᠣᠭᠤᠷᠢᠭ ᠤᠨ ᠠᠵᠢᠯᠲᠠᠨ ᠤ ᠡᠷᠡᠭᠦᠯ ᠰᠠᠷᠠᠭᠤᠯ ᠠᠮᠢᠳᠤᠷᠠᠯ ᠤᠨ ᠳᠠᠳᠬᠠᠯ ᠲᠠᠢ ᠪᠣᠯᠬᠤ ᠶᠢ ᠠᠬᠢᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠦᠢᠯᠡᠴᠢᠯᠡᠬᠦ ᠨᠢᠭᠲᠠᠷᠠᠯ ᠤᠨ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠪᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号