ᠪᠠᠭ᠎ᠠ ᠲᠦᠷᠭᠡᠨ ᠭᠤᠤᠯ ᠪᠠᠯᠭᠠᠰᠤ ᠳᠠᠯᠠᠢ ᠶᠢᠨ ᠴᠡᠷᠢᠭ ᠪᠠᠶᠢᠭᠤᠯᠤᠭᠳᠠᠭᠰᠠᠨ 75 ᠵᠢᠯ ᠤᠨ ᠤᠢ ᠶᠢᠨ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/29
     ᠡᠨᠡ ᠵᠢᠯ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠮᠥᠨ᠂ ᠪᠠᠰᠠ ᠴᠤ ᠠᠷᠠᠳ ᠤᠨ ᠳᠠᠯᠠᠢ ᠶᠢᠨ ᠴᠡᠷᠢᠭ ᠪᠠᠶᠢᠭᠤᠯᠤᠭᠳᠠᠭᠰᠠᠨ 75 ᠵᠢᠯ ᠤᠨ ᠤᠢ ᠮᠥᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠵᠦ᠂ ᠨᠢᠭᠡ ᠴᠤᠬᠴᠠᠵᠢᠭᠤᠯᠤᠬᠰᠠᠨ ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠰᠲ᠋ᠧᠮ ᠪᠠ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠪᠠᠭ᠎ᠠ ᠲᠦᠷᠭᠡᠨ ᠭᠤᠣᠯ ᠪᠠᠯᠭᠠᠰᠤ 2024 ᠣᠨ ᠤ ᠳᠠᠯᠠᠢ ᠶᠢᠨ ᠴᠡᠷᠢᠭ ᠤᠨ ᠪᠠᠶᠠᠷ ᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠪᠡ᠃
     ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠺᠠᠳ᠋ᠷ ᠤᠯᠠᠨ ᠲᠦᠮᠡᠨ ᠳᠤ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠴᠢᠬᠤᠯᠠ ᠴᠢᠨᠠᠷ ᠢ ᠠᠮᠢᠳᠤᠯᠢᠭ ᠢᠶᠠᠷ ᠲᠣᠳᠣᠷᠬᠠᠶᠢᠯᠠᠨ ᠥᠭᠦᠯᠡᠵᠦ᠂ ᠲᠤᠬᠠᠢ ᠶᠢᠨ ᠲᠠᠯᠠᠪᠠᠢ ᠳᠤ ᠪᠠᠶᠠᠷ ᠬᠥᠷ ᠲᠠᠢ ᠪᠠᠶᠢᠵᠤ᠂ ᠢᠳᠡᠪᠬᠢᠲᠡᠢ ᠣᠷᠣᠯᠴᠠᠪᠠ᠃ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠺᠠᠳ᠋ᠷ ᠤᠯᠠᠨ ᠲᠦᠮᠡᠨ ᠠᠮᠢᠳᠤᠯᠢᠭ ᠳᠦᠷᠰᠦᠯᠢᠭ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠬᠦᠷᠲᠡᠵᠦ᠂ ︽ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠠᠷᠢᠭᠤᠴᠠᠯᠭ᠎ᠠ ᠬᠦᠨᠳᠦ᠂ ᠤᠯᠤᠰ ᠤᠨ ᠪᠠᠲᠤᠯᠠᠨ ᠬᠠᠮᠠᠭᠠᠯᠠᠯᠲᠠ ᠰᠡᠳᠬᠢᠯ ᠵᠢᠷᠦᠬᠡᠨ ᠳᠤ ᠪᠠᠶᠢᠨ᠎ᠠ︾ ᠭᠡᠳᠡᠭ ᠢ ᠦᠨᠡᠨ ᠬᠦ ᠰᠡᠷᠡᠵᠦ ᠮᠡᠳᠡᠪᠡ᠃
     ᠡᠨᠡᠬᠦ ᠣᠨᠴᠠᠭᠠᠢ ᠡᠳᠦᠷ ᠤᠳ ᠲᠤ ᠪᠢᠳᠡ ᠳᠠᠯᠠᠢ ᠶᠢᠨ ᠴᠡᠷᠢᠭ ᠤᠨ ᠪᠠᠶᠠᠷ ᠢ ᠬᠠᠮᠲᠤ ᠪᠠᠷ ᠪᠡᠯᠭᠡᠯᠡᠵᠦ᠂ ᠳᠠᠯᠠᠢ ᠶᠢᠨ ᠴᠡᠷᠢᠭ ᠤᠨ ᠪᠠᠭᠠᠲᠤᠷᠴᠤᠳ ᠲᠤ ᠬᠦᠨᠳᠦᠳᠬᠡᠯ ᠳᠡᠪᠰᠢᠭᠦᠯᠵᠦ᠂ ᠪᠢᠳᠡᠨ ᠤ ᠳᠠᠯᠠᠢ ᠶᠢᠨ ᠴᠡᠷᠢᠭ ᠲᠤ ᠲᠠᠯᠠᠷᠬᠠᠵᠤ ᠪᠠᠶᠢᠭ᠎ᠠ ᠰᠡᠳᠬᠢᠯᠭᠡ ᠪᠠᠨ ᠢᠯᠡᠳᠬᠡᠬᠦ ᠶᠢᠨ ᠬᠠᠮᠲᠤ ᠪᠠᠰᠠ ᠳᠠᠯᠠᠢ ᠶᠢᠨ ᠴᠡᠷᠢᠭ ᠤᠨ ᠦᠢᠯᠡᠰ ᠡᠳᠦᠷ ᠠᠴᠠ ᠡᠳᠦᠷ ᠥᠭᠡᠳᠡᠯᠡᠨ ᠮᠠᠨᠳᠤᠵᠤ᠂ ᠤᠯᠤᠰ ᠣᠷᠣᠨ ᠪᠠ ᠠᠷᠠᠳ ᠲᠦᠮᠡᠨ ᠤ ᠠᠮᠤᠷ ᠲᠦᠪᠰᠢᠨ ᠲᠣᠭᠲᠠᠭᠤᠨ ᠳᠤ ᠨᠡᠩ ᠤᠯᠠᠨ ᠬᠦᠴᠦᠨ ᠴᠢᠳᠠᠯ ᠢᠶᠠᠨ ᠡᠷᠭᠦᠬᠦ ᠶᠢ ᠵᠥᠩᠨᠡᠶ᠎ᠡ︕
        ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号