ᠢᠦᠢ ᠴᠢᠤᠸᠠᠨ ᠲᠤᠭᠤᠷᠢᠭ ᠤᠨ 2024 ᠣᠨ ᠤ 3 ᠳ᠋ᠤᠭᠠᠷ ᠰᠠᠷ᠎ᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠪᠡᠶᠡᠯᠡᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2024/4/29
      2024 ᠣᠨ ᠤ 3 ᠳ᠋ᠤᠭᠠᠷ ᠰᠠᠷ᠎ᠠ ᠳᠤ ᠪᠥᠬᠦ ᠲᠤᠭᠤᠷᠢᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠨᠡᠶᠢᠲᠡ 59071 ᠲᠦᠮᠡᠨ ᠲᠥᠭᠦᠷᠢᠭ ᠢ ᠪᠡᠶᠡᠯᠡᠭᠦᠯᠵᠦ᠂ ᠵᠢᠯ ᠤᠨ ᠡᠬᠢᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠰᠦᠪ ᠤᠨ ᠲᠤᠭ᠎ᠠ 224888 ᠲᠦᠮᠡᠨ ᠲᠥᠭᠦᠷᠢᠭ ᠤᠨ 26.27% ᠶᠢ ᠪᠡᠶᠡᠯᠡᠭᠦᠯᠪᠡ᠃ ᠳᠡᠭᠡᠷ᠎ᠡ ᠵᠢᠯ ᠤᠨ ᠲᠤᠰᠢᠶᠠᠭᠰᠠᠨ ᠨᠢᠭᠡ ᠯᠡ ᠤᠳᠠᠭ᠎ᠠ ᠶᠢᠨ ᠴᠢᠨᠠᠷᠲᠠᠶ ᠣᠷᠣᠯᠭ᠎ᠠ ᠶᠢ ᠠᠷᠢᠯᠭᠠᠪᠠᠯ᠄ ᠤᠯᠤᠰ ᠤᠨ ᠥᠮᠴᠢᠯᠡᠯ ᠤᠨ ᠡᠬᠢ ᠪᠠᠶᠠᠯᠢᠭ ︵ᠡᠳ᠋ ᠬᠥᠷᠥᠩᠭᠡ︶ ᠢ ᠲᠥᠯᠥᠪᠦᠷᠢ ᠲᠠᠢ ᠪᠠᠷ ᠬᠡᠷᠡᠭᠯᠡᠭᠰᠡᠨ ᠣᠷᠣᠯᠭ᠎ᠠ 11500 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠳᠤ 5.44% ᠪᠠᠷ ᠨᠡᠮᠡᠭᠳᠡᠪᠡ᠃ ᠡᠭᠦᠨ ᠳᠤ᠄ ᠭᠠᠶᠢᠯᠢ ᠲᠠᠲᠠᠪᠤᠷᠢ ᠶᠢᠨ ᠣᠷᠣᠯᠭ᠎ᠠ 47169 ᠲᠦᠮᠡᠨ ᠲᠥᠭᠦᠷᠢᠭ ᠢ ᠪᠡᠶᠡᠯᠡᠭᠦᠯᠵᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠣᠷᠣᠯᠭ᠎ᠠ ᠶᠢᠨ 79.85% ᠶᠢ ᠡᠵᠡᠯᠡᠪᠡ︔ ᠭᠠᠶᠢᠯᠢ ᠶᠢᠨ ᠪᠤᠰᠤ ᠣᠷᠣᠯᠭ᠎ᠠ 11902 ᠲᠦᠮᠡᠨ ᠲᠥᠭᠦᠷᠢᠭ ᠢ ᠪᠡᠶᠡᠯᠡᠭᠦᠯᠵᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠣᠷᠣᠯᠭ᠎ᠠ ᠶᠢᠨ 20.15% ᠶᠢ ᠡᠵᠡᠯᠡᠪᠡ᠃        ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号