ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠤᠰᠬᠠᠢ ᠠᠵᠢᠯ ᠢ ᠭᠦᠨᠵᠡᠭᠡᠶᠢᠷᠡᠭᠦᠯᠬᠦ ᠶᠢᠨ ᠲᠤᠰᠠᠳᠠ᠂ | ᠢᠦᠢ ᠴᠢᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠪᠠᠷᠢᠯᠭ᠎ᠠ ᠶᠢᠨ ᠬᠤᠭ ᠨᠤᠪᠰᠢ ᠶᠢ ︽ | ᠦᠢᠯᠡᠳᠪᠦᠷᠢᠯᠡᠬᠦ᠂ ᠲᠡᠭᠡᠭᠡᠪᠦᠷᠢᠯᠡᠬᠦ᠂ ᠠᠷᠢᠯᠭᠠᠬᠤ︾ ᠪᠦᠬᠦ ᠭᠤᠭᠴᠤᠭ᠎ᠠ ᠶᠢᠨ᠂ ᠪᠦᠬᠦ ᠬᠡᠯᠬᠢᠶᠡᠰᠦ ᠶᠢᠨ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ | ᠴᠢᠩᠭᠠᠳᠬᠠᠵᠤ᠂ ᠴᠡᠪᠡᠷ ᠲᠡᠭᠰᠢ ᠬᠤᠲᠠ ᠶᠢᠨ ᠣᠷᠴᠢᠨ ᠲᠣᠭᠤᠷᠢᠨ ᠢ ᠬᠦᠴᠦᠯᠡᠨ ᠬᠠᠮᠠᠭᠠᠯᠠᠪᠠ᠃ | | | | | ᠢᠦᠶ ᠴᠢᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠲᠣᠭᠤᠰᠣᠨ ᠤ ᠪᠣᠬᠢᠷᠲᠤᠯ ᠢ | ᠰᠡᠷᠭᠡᠶᠢᠯᠡᠨ ᠵᠠᠰᠠᠬᠤ ᠪᠠᠷ ᠭᠤᠤᠯᠳᠠᠯᠭ᠎ᠠ ᠪᠣᠯᠭᠠᠵᠤ᠂ ᠡᠬᠢ ᠡᠭᠦᠰᠦᠯ ᠠᠴᠠ ᠨᠢ ᠬᠢᠨᠠᠨ ᠬᠠᠮᠢᠶᠠᠷᠬᠤ ᠶᠢ ᠴᠢᠩᠭᠠᠳᠬᠠᠵᠤ᠂ | ᠪᠠᠷᠢᠯᠭ᠎ᠠ ᠶᠢᠨ ᠭᠠᠵᠠᠷ ᠤᠨ ᠣᠷᠴᠢᠨ ᠲᠣᠭᠤᠷᠢᠨ ᠤ ᠡᠮᠬᠢ ᠳᠢᠭᠯᠢᠮ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ | ᠬᠠᠮᠲᠤ᠂ ᠴᠡᠭ ᠲᠤ ᠰᠠᠭᠤᠵᠤ ᠲᠣᠭᠤᠷᠢᠨ ᠪᠠᠶᠢᠴᠠᠭᠠᠬᠤ᠂ ᠴᠠᠭ ᠢ ᠵᠥᠷᠢᠭᠦᠯᠦᠨ ᠴᠠᠭ ᠢ ᠬᠤᠶᠢᠰᠢᠯᠠᠭᠤᠯᠬᠤ ᠵᠡᠷᠭᠡ | ᠠᠵᠢᠯ ᠤᠨ ᠠᠷᠭ᠎ᠠ ᠮᠠᠶ᠋ᠢᠭ ᠢ ᠠᠪᠴᠤ᠂ ᠲᠣᠭᠲᠠᠮᠠᠯ ᠪᠤᠰᠤ ᠴᠠᠭ ᠲᠤ ᠴᠡᠭ ᠲᠣᠭᠲᠠᠭᠠᠬᠤ ᠥᠬᠡᠶ ᠪᠠᠷ ᠰᠥᠨᠢ ᠶᠢᠨ | ᠪᠠᠷᠢᠯᠭ᠎ᠠ ᠶᠢᠨ ᠬᠤᠭ ᠨᠣᠪᠰᠢ ᠲᠡᠭᠡᠭᠡᠪᠦᠷᠢᠯᠡᠬᠦ ᠣᠷᠭᠢᠯ ᠤᠨ ᠦᠶ᠎ᠡ ᠳᠤ ᠪᠠᠶᠢᠴᠠᠭᠠᠬᠤ ᠡᠷᠴᠢᠮ ᠪᠠ ᠤᠳᠠᠭ᠎ᠠ | ᠳᠠᠷᠠᠭ᠎ᠠ ᠪᠠᠨ ᠴᠢᠩᠭᠠᠷᠠᠭᠤᠯᠵᠤ᠂ ᠬᠤᠭ ᠲᠣᠭᠤᠰᠣᠨ ᠤ ᠲᠡᠭᠡᠭᠡᠪᠦᠷᠢ ᠶᠢᠨ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠪᠡ᠃ | | | | | | | ᠣᠶᠢᠯᠠᠭᠠᠭᠰᠠᠨ ᠢᠶᠠᠷ᠂ ᠪᠠᠷᠢᠯᠭ᠎ᠠ ᠶᠢᠨ ᠬᠤᠭ ᠨᠣᠪᠰᠢ ᠶᠢ ᠬᠤᠯᠠᠭᠠᠶᠢᠯᠠᠨ ᠬᠠᠶᠠᠬᠤ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠦᠨᠳᠦᠰᠦᠨ ᠳᠡᠭᠡᠨ ᠰᠥᠨᠢ ᠡᠭᠦᠰᠴᠦ᠂ ᠲᠣᠭᠤᠷᠢᠭ ᠤᠨ ᠬᠤᠲᠠ ᠶᠢᠨ | ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠩᠭᠢ ᠶᠢᠨ ᠭᠡᠰᠢᠭᠦᠨ ᠵᠣᠣ ᠵᠢᠶᠦ᠋ᠨ ᠵᠠᠮ ᠬᠢᠭᠡᠳ | ᠡᠮᠦᠨ᠎ᠡ ᠭᠤᠷᠪᠠᠳᠤᠭᠠᠷ ᠲᠣᠭᠤᠷᠢᠯ ᠵᠠᠮ ᠤᠨ ᠠᠭᠤᠯᠵᠠᠷ᠂ ᠨᠢᠰᠬᠡᠯ ᠤᠨ ᠪᠠᠭᠤᠳᠠᠯ ᠤᠨ ᠥᠨᠳᠥᠷ ᠬᠥᠭᠦᠷᠭᠡ ᠪᠠ | ᠡᠮᠦᠨ᠎ᠡ ᠭᠤᠷᠪᠠᠳᠤᠭᠠᠷ ᠲᠣᠭᠤᠷᠢᠯ ᠵᠠᠮ ᠤᠨ ᠠᠭᠤᠯᠵᠠᠷ ᠲᠤ ᠬᠤᠷᠢᠭ᠎ᠠ ᠴᠡᠭ ᠭᠠᠷᠭᠠᠵᠤ᠂ ᠨᠠᠭᠠᠰᠢ ᠴᠠᠭᠠᠰᠢ | ᠥᠩᠭᠡᠷᠡᠬᠦ ᠬᠤᠭ ᠰᠢᠷᠣᠶ ᠶᠢᠨ ᠲᠡᠭᠡᠭᠡᠪᠦᠷᠢ ᠶᠢᠨ ᠲᠡᠷᠭᠡ ᠬᠥᠰᠬᠡ ᠳᠤ ᠨᠢᠭᠡᠳ ᠨᠢᠭᠡ ᠪᠠᠷ ᠪᠠᠶᠢᠴᠠᠭᠠᠯᠲᠠ ᠬᠢᠵᠦ᠂ | ᠬᠤᠭ ᠰᠢᠷᠣᠶ ᠶᠢᠨ ᠲᠡᠭᠡᠭᠡᠪᠦᠷᠢ ᠶᠢᠨ ᠡᠮᠬᠢ ᠵᠢᠷᠤᠮ ᠢ ᠵᠢᠷᠤᠮᠵᠢᠭᠤᠯᠤᠨ᠂ ︽ᠲᠡᠷᠭᠡ ᠳᠠᠭᠠᠷᠠᠪᠠᠯ ᠵᠠᠪᠠᠯ ᠪᠠᠶᠢᠴᠠᠭᠠᠬᠤ︾ | ᠶᠢ ᠴᠢᠩᠭ᠎ᠠ ᠨᠠᠶᠢᠳᠠᠪᠤᠷᠢᠵᠢᠭᠤᠯᠵᠤ᠂ ᠲᠡᠭᠡᠭᠡᠪᠦᠷᠢ ᠶᠢᠨ ᠲᠡᠷᠭᠡ ᠬᠥᠰᠬᠡ ᠶᠢᠨ ᠴᠡᠪᠡᠷ ᠪᠤᠰᠤ᠂ ᠪᠦᠷᠢᠨ ᠨᠢᠭᠲᠠ | ᠪᠢᠲᠡᠭᠦᠮᠵᠢᠯᠡᠭᠰᠡᠨ ᠲᠣᠨᠤᠭ ᠲᠥᠬᠦᠭᠡᠷᠦᠮᠵᠢ ᠴᠢᠩᠭ᠎ᠠ ᠪᠢᠰᠢ᠂ ᠰᠢᠪᠠᠷ ᠲᠠᠢ ᠵᠠᠮ ᠳᠤ ᠭᠠᠷᠬᠤ᠂ ᠠᠰᠬᠠᠵᠤ | ᠭᠤᠭᠤᠵᠢᠭᠤᠯᠬᠤ ᠵᠡᠷᠭᠡ ᠲᠣᠭᠤᠰᠣᠨ ᠤ ᠪᠣᠬᠢᠷᠲᠤᠯ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ | ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ᠃ | | | | | | | ᠲᠣᠭᠤᠷᠢᠨ ᠪᠠᠶᠢᠴᠠᠭᠠᠬᠤ ᠶᠠᠪᠤᠴᠠ ᠳᠤ᠂ ᠬᠤᠸᠠ ᠮᠧᠢ ᠵᠠᠮ ᠤᠨ ᠡᠮᠦᠨ᠎ᠡ ᠬᠡᠰᠡᠭ ᠤᠨ ᠪᠠᠷᠠᠭᠤᠨ ᠲᠠᠯ᠎ᠠ ᠶᠢᠨ | ᠨᠢᠭᠡ ᠵᠢᠵᠢᠭ ᠬᠡᠯᠪᠡᠷᠢ ᠶᠢᠨ ᠡᠩ ᠤᠨ ᠠᠶᠠᠨᠴᠢᠳ ᠤᠨ ᠮᠠᠰᠢᠨ ᠲᠡᠷᠭᠡ ᠲᠣᠭᠲᠠᠭᠠᠯ ᠠᠴᠠ ᠵᠥᠷᠢᠴᠡᠨ ᠪᠠᠷᠢᠯᠭ᠎ᠠ ᠶᠢᠨ | ᠬᠤᠭ ᠨᠣᠪᠰᠢ ᠶᠢ ᠳᠤᠷ᠎ᠠ ᠪᠠᠷ ᠢᠶᠠᠨ ᠬᠠᠶᠠᠭᠰᠠᠨ ᠪᠠᠶᠢᠬᠤ ᠶᠢ ᠣᠯᠵᠤ ᠮᠡᠳᠡᠭᠡᠳ᠂ ᠲᠣᠭᠤᠷᠢᠭ ᠤᠨ ᠬᠤᠲᠠ ᠶᠢᠨ | ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠲᠣᠰ ᠵᠢᠯᠣᠭᠤᠴᠢ ᠳᠤ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠢᠵᠦ᠂ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠨ | ᠲᠡᠭᠡᠭᠡᠪᠦᠷᠢᠯᠡᠬᠦ᠂ ᠵᠠᠮ ᠬᠠᠷᠢᠯᠴᠠᠭᠠᠨ ᠤ ᠠᠮᠤᠷ ᠲᠦᠪᠰᠢᠨ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ | ᠤᠬᠠᠭᠤᠯᠤᠨ ᠲᠠᠶᠢᠯᠪᠤᠷᠢᠯᠠᠵᠤ᠂ ᠲᠡᠭᠦᠨ ᠢ ᠬᠥᠲᠥᠯᠦᠨ ᠵᠢᠯᠣᠭᠤᠳᠴᠤ ᠪᠠᠶᠢᠭᠠᠳ ᠪᠠᠷᠢᠯᠭ᠎ᠠ ᠶᠢᠨ ᠬᠤᠭ ᠨᠣᠪᠰᠢ ᠶᠢᠨ | ᠲᠡᠭᠡᠭᠡᠪᠦᠷᠢ ᠶᠢ ᠲᠣᠭᠲᠠᠭᠠᠯ ᠶᠣᠰᠣᠭᠠᠷ ᠬᠢᠬᠦ ᠶᠢᠨ ᠬᠠᠮᠲᠤ ᠬᠠᠮᠢᠶ᠎ᠠ ᠪᠥᠬᠦᠶ ᠭᠡᠷᠡᠴᠢ ᠪᠠᠷᠢᠮᠲᠠ ᠶᠢ ᠳᠡᠩᠰᠡᠯᠡᠨ | ᠬᠠᠮᠠᠭᠠᠯᠠᠵᠤ᠂ ᠲᠡᠷᠭᠡ ᠬᠥᠰᠬᠡ ᠶᠢ ᠲᠦᠷ ᠦᠯᠡᠳᠡᠭᠡᠨ ᠠᠪᠴᠤ᠂ ᠲᠠᠷᠠᠭᠠᠴᠢ ᠶᠢᠨ ᠠᠯᠬᠤᠮ ᠤᠨ ᠰᠢᠢᠳᠪᠦᠷᠢᠯᠡᠬᠦ ᠶᠢ | ᠬᠦᠯᠢᠶᠡᠪᠡ᠃ | ᠵᠠᠯᠭᠠᠭᠠᠳ᠂ ᠢᠦᠶ ᠴᠢᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠬᠥᠳᠡᠯᠦᠩᠭᠦᠶ | ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠰᠠᠶᠢᠲᠤᠷ ᠬᠢᠵᠦ᠂ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ ᠲᠣᠭᠤᠷᠢᠨ ᠪᠠᠶᠢᠴᠠᠭᠠᠬᠤ᠂ ᠪᠠᠶᠢᠴᠠᠭᠠᠬᠤ ᠶᠢ ᠴᠢᠩᠭᠠᠳᠬᠠᠵᠤ᠂ | ᠳᠡᠭᠳᠡᠮᠡᠬᠡᠶ ᠲᠣᠭᠤᠰᠣᠨ ᠤ ᠪᠣᠬᠢᠷᠲᠤᠯ ᠤᠨ ᠡᠬᠢ ᠡᠭᠦᠰᠦᠯ᠂ ᠲᠡᠭᠡᠭᠡᠪᠦᠷᠢᠯᠡᠬᠦ ᠠᠴᠠ ᠪᠠᠭᠲᠠᠭᠠᠨ ᠰᠢᠩᠭᠡᠭᠡᠬᠦ | ᠬᠦᠷᠲᠡᠯᠡᠬᠢ ᠪᠥᠬᠦ ᠭᠤᠭᠴᠤᠭ᠎ᠠ᠂ ᠪᠥᠬᠦ ᠬᠡᠯᠬᠢᠶ᠎ᠡ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ | ᠴᠢᠩᠭᠠᠷᠠᠭᠤᠯᠵᠤ᠂ ᠲᠣᠭᠲᠠᠭᠠᠯ ᠠᠴᠠ ᠵᠥᠷᠢᠴᠡᠭᠰᠡᠨ ᠲᠡᠷᠭᠡ ᠬᠥᠰᠬᠡ ᠶᠢ ᠡᠬᠢ ᠡᠭᠦᠰᠦᠯ ᠠᠴᠠ ᠨᠢ ᠬᠢᠨᠠᠨ ᠬᠠᠮᠢᠶᠠᠷᠴᠤ᠂ | ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ᠂ ᠲᠡᠭᠡᠭᠡᠪᠦᠷᠢ ᠶᠢᠨ ᠦᠢᠯᠡᠴᠢᠯᠡᠭᠡᠨ ᠤ ᠠᠵᠤ ᠠᠬᠤᠶᠢᠯᠠᠯ ᠲᠠᠢ | ᠭᠤᠤᠯᠳᠠᠯᠭ᠎ᠠ ᠲᠠᠢ ᠪᠣᠯᠵᠣᠨ ᠶᠠᠷᠢᠯᠴᠠᠵᠤ᠂ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ | ᠤᠬᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠂ ᠦᠢᠯᠡᠴᠢᠯᠡᠭᠡᠨ ᠤ ᠵᠢᠯᠣᠭᠤᠳᠬᠤ ᠡᠷᠴᠢᠮ ᠢᠶᠠᠨ | ᠴᠢᠩᠭᠠᠷᠠᠭᠤᠯᠵᠤ᠂ ᠬᠠᠮᠢᠶ᠎ᠠ ᠪᠥᠬᠦᠶ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠰᠢᠮᠳᠠᠭᠤᠯᠬᠤ ᠪᠤᠯᠤᠨ᠎ᠠ᠃ ᠪᠠᠷᠢᠮᠵᠢᠶ᠎ᠠ ᠶᠢ ᠪᠠᠭᠤᠷᠠᠭᠤᠯᠬᠤ ᠦᠭᠡᠢ᠂ ᠡᠷᠴᠢᠮ ᠢ | ᠰᠤᠯᠠᠷᠠᠭᠤᠯᠬᠤ ᠦᠭᠡᠢ᠂ ᠶᠠᠰᠤ ᠴᠢᠨᠠᠷ ᠢ ᠬᠤᠪᠢᠷᠠᠭᠤᠯᠬᠤ ᠦᠭᠡᠢ ᠪᠠᠶᠢᠬᠤ ᠶᠢ ᠪᠡᠶᠡᠯᠡᠭᠦᠯᠵᠦ᠂ ᠵᠠᠰᠠᠯᠲᠠ ᠶᠢᠨ ᠦᠷ᠎ᠡ | ᠪᠦᠲᠦᠭᠡᠯ ᠢ ᠰᠠᠶᠢᠲᠤᠷ ᠪᠠᠬᠢᠵᠢᠭᠦᠯᠵᠦ᠂ ᠰᠠᠶᠢᠲᠤᠷ ᠪᠠᠲᠤᠯᠠᠵᠤ᠂ ᠬᠦᠬᠡ ᠣᠭᠲᠠᠷᠭᠤᠢ ᠴᠠᠭᠠᠨ ᠡᠭᠦᠯᠡ ᠶᠢ ᠰᠠᠬᠢᠨ | ᠬᠠᠮᠠᠭᠠᠯᠠᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ | | | | | ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ |