ᠲᠠᠪᠤᠨ ᠰᠤᠪᠤᠷᠭᠠᠲᠤ ᠰᠦᠮ᠎ᠡ ᠶᠢᠨ ᠵᠡᠭᠦᠨ ᠵᠡᠭᠡᠯᠢ ᠶᠢᠨ ᠪᠠᠭ᠎ᠠ ᠰᠤᠷᠭᠠᠭᠤᠯᠢ ᠴᠠᠭᠠᠰᠤᠨ ᠰᠢᠪᠠᠭᠤᠨ ᠤ ᠪᠠᠶᠠᠷ ᠤᠨ ᠡᠳᠦᠷ ᠤᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/3
     ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠬᠠᠪᠤᠷ ᠤᠨ ᠤᠯᠠᠷᠢᠯ ᠳᠤ᠂ ᠰᠤᠷᠤᠭᠴᠢᠳ ᠢ ᠪᠠᠶᠢᠭᠠᠯᠢ ᠲᠠᠢ ᠣᠶᠢᠷᠠᠲᠤᠭᠤᠯᠵᠤ᠂ ᠬᠠᠪᠤᠷ ᠤᠨ ᠰᠠᠶᠢᠨ ᠰᠠᠶᠢᠬᠠᠨ ᠢ ᠣᠶᠢᠯᠠᠭᠠᠭᠤᠯᠵᠤ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠣᠶᠢᠯᠠᠭᠠᠭᠤᠯᠵᠤ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠣᠯᠤᠨ ᠦᠢᠯᠡᠳᠦᠯᠭᠡ ᠶᠢᠨ ᠴᠢᠳᠠᠪᠤᠷᠢ ᠶᠢ ᠬᠥᠮᠦᠵᠢᠭᠦᠯᠬᠦ ᠶᠢᠨ ᠲᠥᠯᠥᠭᠡ᠂ ᠤᠢᠢᠷ᠎ᠠ ᠳᠤ᠂ ᠲᠠᠪᠤᠨ ᠰᠤᠪᠤᠷᠭᠠᠲᠤ ᠰᠦᠮ᠎ᠡ ᠶᠢᠨ ᠵᠡᠭᠦᠨ ᠵᠡᠭᠡᠯᠢ ᠶᠢᠨ ᠪᠠᠭ᠎ᠠ ᠰᠤᠷᠭᠠᠭᠤᠯᠢ ᠴᠠᠭᠠᠰᠤᠨ ᠰᠢᠪᠠᠭᠤᠨ ᠤ ᠪᠠᠶᠠᠷ ᠤᠨ ᠡᠳᠦᠷ ᠤᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃
     ᠬᠥᠳᠡᠯᠭᠡᠭᠡᠨ ᠡᠬᠢᠯᠡᠭᠰᠡᠨ ᠤ ᠳᠠᠷᠠᠭ᠎ᠠ᠂ ᠡᠯ᠎ᠡ ᠠᠩᠭᠢ ᠶᠢᠨ ᠰᠤᠷᠤᠭᠴᠢᠳ ᠬᠤᠪᠢᠶᠠᠷᠢ  ᠤᠷᠤᠨ ᠢᠶᠠᠷ ᠢᠶᠠᠨ ᠴᠠᠭᠠᠰᠤᠨ ᠰᠢᠪᠠᠭᠤ ᠶᠢ ᠨᠢᠰᠬᠡᠵᠦ ᠡᠬᠢᠯᠡᠪᠡ᠂ ᠶᠠᠩᠵᠤ ᠪᠦᠷᠢ ᠶᠢᠨ ᠴᠠᠭᠠᠰᠤᠨ ᠰᠢᠪᠠᠭᠤ ᠶᠢᠨ ᠥᠩᠭᠡ ᠪᠤᠳᠤᠭ ᠨᠢ ᠬᠤᠷᠴᠠ ᠰᠣᠷᠭᠤᠭ᠂ ᠬᠡᠯᠪᠡᠷᠢ ᠳᠦᠷᠰᠦ ᠨᠢ ᠶᠠᠩᠵᠤ ᠪᠦᠷᠢ ᠶᠢᠨ ᠪᠠᠶᠢᠳᠠᠭ᠂ ᠠᠳᠠᠯᠢ ᠪᠤᠰᠤ ᠴᠠᠭᠠᠰᠤᠨ ᠰᠢᠪᠠᠭᠤ ᠨᠢ ᠬᠠᠮᠲᠤ ᠰᠤᠷᠤᠭᠴᠢᠳ ᠤᠨ ᠠᠳᠠᠯᠢ ᠪᠤᠰᠤ ᠬᠦᠰᠡᠯ ᠢ ᠲᠥᠯᠥᠭᠡᠯᠡᠵᠦ ᠪᠠᠶᠢᠳᠠᠭ᠃ ᠰᠤᠷᠤᠭᠴᠢᠳ ᠳᠤᠭᠤᠶᠢᠯᠠᠩ ᠤᠨ ᠬᠤᠪᠢᠶᠠᠷᠢᠯᠠᠯ ᠢᠶᠠᠷ᠂ ᠵᠠᠷᠢᠮ ᠨᠢ ᠤᠲᠠᠰᠤ ᠲᠠᠯᠪᠢᠬᠤ ᠶᠢ ᠬᠠᠷᠢᠭᠤᠴᠠᠵᠤ᠂ ᠵᠠᠷᠢᠮ ᠨᠢ ᠴᠠᠭᠠᠰᠤᠨ ᠰᠢᠪᠠᠭᠤ ᠶᠢ ᠥᠨᠳᠥᠷ ᠡᠷᠭᠦᠬᠦ ᠶᠢ ᠬᠠᠷᠢᠭᠤᠴᠠᠨ᠎ᠠ᠂ ᠬᠠᠮᠲᠤ ᠰᠤᠷᠤᠭᠴᠢᠳ ᠤᠨ ᠠᠵᠢᠯ ᠤᠨ ᠬᠤᠪᠢᠶᠠᠷᠢᠯᠠᠯ ᠲᠣᠳᠣᠷᠬᠠᠶ ᠪᠠᠶᠢᠵᠤ᠂ ᠨᠢᠭᠲᠠ ᠬᠠᠮᠵᠢᠯᠴᠠᠪᠠ᠃ ᠪᠠᠭᠰᠢ ᠶᠢᠨ ᠢᠶᠠᠨ ᠠᠮᠠᠨ ᠳᠣᠬᠢᠶ᠎ᠠ ᠥᠭᠬᠦ ᠶᠢ ᠳᠠᠭᠠᠯᠳᠤᠨ᠂ ᠤᠲᠠᠰᠤ ᠲᠠᠯᠪᠢᠬᠤ᠂ ᠭᠦᠶᠦᠬᠦ᠂ ᠤᠲᠠᠰᠤ ᠲᠠᠲᠠᠵᠤ ᠳᠡᠮᠡᠶ ᠤᠳᠠᠯ ᠥᠬᠡᠶ ᠶᠠᠩᠵᠤ ᠪᠦᠷᠢ ᠶᠢᠨ᠂ ᠥᠩᠭᠡ ᠢᠯᠭᠠᠷᠠᠭᠰᠠᠨ ᠴᠠᠭᠠᠰᠤᠨ ᠰᠢᠪᠠᠭᠤ ᠣᠭᠲᠠᠷᠭᠤᠶ ᠳᠤ ᠳᠡᠭᠦᠯᠢᠨ ᠨᠢᠰᠴᠦ᠂ ᠠᠭᠠᠷ ᠲᠤ ᠳᠡᠪᠬᠡᠷᠦᠨ ᠪᠥᠵᠢᠭᠯᠡᠨ᠎ᠡ᠂ ᠡᠶᠢᠮᠦ ᠲᠣᠮᠣ ᠲᠠᠮᠢᠷ ᠤᠨ ᠲᠠᠯᠠᠪᠠᠶ ᠨᠢ ᠬᠤᠷᠣᠮᠬᠠᠨ ᠵᠠᠭᠤᠷ᠎ᠠ ᠰᠤᠷᠤᠭᠴᠢᠳ ᠤᠨ ᠴᠡᠩᠭᠡᠯ ᠤᠨ ᠬᠦᠷᠢᠶᠡᠯᠡᠩ ᠪᠣᠯᠵᠣ᠂ ᠠᠬᠤᠶ ᠲᠠᠯᠠᠪᠠᠶ ᠳᠤ ᠪᠠᠶᠠᠷ ᠬᠥᠷ ᠲᠠᠢ ᠵᠢᠷᠤᠭ ᠳᠦᠷᠰᠦ ᠲᠤᠲᠤᠷᠠᠪᠠ᠃
     ᠴᠠᠭᠠᠰᠤᠨ ᠰᠢᠪᠠᠭᠤ ᠨᠢ ᠭᠡᠨᠡᠳᠲᠡ ᠥᠨᠳᠥᠷ ᠭᠡᠨᠡᠳᠲᠡ ᠳᠣᠤᠷ᠎ᠠ ᠪᠣᠯᠪᠠᠴᠤ ᠪᠠᠭᠰᠢ ᠰᠤᠷᠤᠭᠴᠢᠳ ᠤᠨ ᠬᠠᠯᠠᠭᠤᠨ ᠰᠡᠳᠬᠢᠯᠭᠡ ᠨᠢ ᠪᠠᠭᠤᠷᠠᠬᠤ ᠥᠬᠡᠶ ᠪᠠᠶᠢᠵᠤ᠂ ᠭᠠᠷ ᠲᠠᠬᠢ ᠴᠠᠭᠠᠰᠤᠨ ᠰᠢᠪᠠᠭᠤ ᠪᠠᠨ ᠨᠢᠰᠬᠡᠬᠦ ᠪᠠᠷ ᠬᠦᠴᠦᠯᠡᠨ ᠴᠢᠷᠮᠠᠶᠢᠳᠠᠭ ᠨᠢ ᠵᠥᠪᠬᠡᠨ ᠪᠠᠶᠠᠷ ᠪᠠᠶᠠᠰᠬᠤᠯᠠᠩᠲᠤ ᠰᠡᠳᠬᠢᠯᠭᠡ ᠲᠠᠢ ᠪᠠᠶᠢᠬᠤ ᠪᠠᠷ ᠵᠣᠭᠰᠣᠬᠤ ᠥᠬᠡᠶ᠂ ︽ᠴᠠᠭᠠᠰᠤᠨ ᠰᠢᠪᠠᠭᠤ︾ ᠭᠡᠬᠦ ᠡᠨᠡ ᠬᠦ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠴᠦ ᠣᠯᠠᠨ ᠳᠤ ᠥᠯᠥ ᠮᠡᠳᠡᠭᠳᠡᠮ᠎ᠡ ᠮᠡᠳᠡᠷᠡᠭᠦᠯᠳᠡᠭ᠃
     ᠬᠤᠶᠢᠰᠢᠳᠠ ᠲᠠᠪᠤᠨ ᠰᠤᠪᠤᠷᠭᠠᠲᠤ ᠰᠦᠮ᠎ᠡ ᠶᠢᠨ ᠵᠡᠭᠦᠨ ᠵᠡᠭᠡᠯᠢ ᠶᠢᠨ ᠪᠠᠭ᠎ᠠ ᠰᠤᠷᠭᠠᠭᠤᠯᠢ ᠨᠢ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠦᠷᠭᠦᠯᠵᠢᠯᠡᠨ ᠵᠠᠯᠭᠠᠮᠵᠢᠯᠠᠵᠤ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢᠶᠠᠷ ᠠᠴᠢᠶᠠᠯᠠᠪᠤᠷᠢ ᠪᠣᠯᠭᠠᠵᠤ᠂ ᠣᠯᠠᠨ ᠬᠡᠯᠪᠡᠷᠢ ᠶᠢᠨ ᠰᠤᠷᠤᠭᠴᠢᠳ ᠤᠨ ᠦᠵᠡᠵᠦ ᠰᠣᠨᠢᠷᠬᠠᠬᠤ ᠳᠤᠷᠠᠲᠠᠶ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠵᠢᠯᠯᠠᠭ᠎ᠠ ᠶᠢ ᠨᠡᠩ ᠣᠯᠠᠨ ᠥᠷᠨᠢᠭᠦᠯᠬᠦ ᠪᠣᠯᠤᠨ᠎ᠠ᠃
           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号