ᠢᠦᠶ ᠴᠢᠤᠸᠠᠨ ᠲᠣᠭᠤᠷᠢᠭ᠄ ᠤᠷᠠᠨ ᠠᠷᠭ᠎ᠠ ᠪᠠᠷ ᠬᠠᠷᠢᠶᠠᠴᠠᠶ ᠴᠢᠮᠬᠢᠵᠦ ᠠᠷᠠᠳ ᠤᠨ ᠵᠠᠩ ᠦᠢᠯᠡ ᠶᠢ ᠤᠯᠠᠮᠵᠢᠯᠠᠨ᠎ᠠ
ᠨᠡᠶᠢᠲᠡᠯᠡᠭᠰᠡᠨ ᠴᠠᠭ᠄
2024/4/3
     2024 ᠣᠨ ᠤ 4 ᠳ᠋ᠤᠭᠡᠷ ᠰᠠᠷ᠎ᠠ ᠶᠢᠨ 1 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠲᠦᠩ ᠱᠦᠨ ᠵᠡᠭᠡᠯᠢ ᠶᠢᠨ ᠪᠠᠭ᠎ᠠ ᠰᠤᠷᠭᠠᠭᠤᠯᠢ ᠳᠤ ︽ᠬᠠᠩᠰᠢ ᠶᠢᠨ ᠦᠶ᠎ᠡ ᠳᠤ ᠬᠠᠷᠢᠶᠠᠴᠠᠶ ᠶᠢᠨ ᠦᠩᠭᠡ ᠢᠯᠭᠠᠷᠠᠬᠤ︾ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃ ᠬᠠᠮᠲᠤ ᠰᠤᠷᠤᠭᠴᠢᠳ ᠪᠠᠭᠰᠢ ᠶᠢᠨ ᠢᠶᠠᠨ ᠵᠢᠯᠣᠭᠤᠳᠣᠯᠭ᠎ᠠ ᠳᠣᠤᠷ᠎ᠠ᠂ ᠨᠤᠬᠤᠬᠤ᠂ ᠬᠡᠪᠰᠢᠭᠦᠯᠬᠦ᠂ ᠬᠠᠶᠢᠴᠢᠯᠠᠬᠤ᠂ ᠳᠠᠷᠤᠬᠤ᠂ ᠪᠤᠳᠤᠭ ᠣᠷᠣᠭᠤᠯᠬᠤ ᠵᠡᠷᠭᠡ ᠣᠯᠠᠨ ᠵᠦᠢᠯ ᠤᠨ ᠠᠵᠢᠯ ᠤᠨ ᠳᠠᠷᠠᠭᠠᠯᠠᠯ ᠢᠶᠠᠷ ᠲᠤᠬᠠᠶ ᠶᠢᠨ ᠭᠠᠵᠠᠷ ᠤᠨ ᠬᠠᠩᠰᠢ ᠶᠢᠨ ᠦᠶ᠎ᠡ ᠶᠢᠨ ᠥᠪᠡᠷᠮᠢᠴᠡ ᠣᠨᠴᠠᠯᠢᠭ ᠲᠠᠢ ᠱᠤᠭᠤᠮᠠᠯ ᠢ ᠰᠤᠷᠴᠤ᠂ ᠤᠯᠠᠮᠵᠢᠯᠠᠯᠲᠤ ᠠᠷᠠᠳ ᠤᠨ ᠵᠠᠩ ᠦᠢᠯᠡ ᠶᠢᠨ ᠰᠣᠶᠣᠯ ᠢ ᠣᠶᠢᠯᠠᠭᠠᠪᠠ᠃
     ᠬᠠᠷᠢᠶᠠᠴᠠᠶ ᠴᠢᠮᠬᠢᠬᠦ ᠪᠣᠯ ᠮᠠᠨ ᠤ ᠤᠯᠤᠰ ᠤᠨ ᠬᠠᠲᠤᠨ ᠭᠤᠤᠯ ᠤᠨ ᠰᠠᠪᠠ ᠭᠠᠵᠠᠷ ᠤᠨ ᠠᠷᠠᠳ ᠤᠨ ᠳᠤᠮᠳᠠᠬᠢ ᠨᠢᠭᠡ ᠵᠦᠢᠯ ᠤᠨ ᠪᠠᠶᠠᠷ ᠤᠨ ᠡᠳᠦᠷ ᠤᠨ ᠵᠠᠩᠰᠢᠯ ᠶᠤᠮ᠃ ᠬᠠᠩᠰᠢ ᠪᠣᠯᠬᠤ ᠪᠦᠷᠢ ᠠᠶᠢᠯ ᠪᠣᠯᠭᠠᠨ ᠬᠠᠷᠢᠶᠠᠴᠠᠶ ᠶᠢ ᠵᠢᠩᠨᠡᠵᠦ᠂ ᠬᠡᠯᠬᠢᠶ᠎ᠡ ᠬᠡᠯᠬᠢᠶ᠎ᠡ ᠬᠠᠷᠢᠶᠠᠴᠠᠶ ᠶᠢ ᠤᠳᠠ ᠮᠣᠳᠣᠨ ᠤ ᠮᠥᠴᠢᠷ ᠪᠤᠶᠤ ᠬᠥᠪᠥᠩ ᠤᠲᠠᠰᠤ ᠪᠠᠷ ᠬᠤᠯᠪᠣᠵᠤ᠂ ᠬᠠᠪᠤᠷ ᠤᠨ ᠬᠠᠷᠢᠶᠠᠴᠠᠶ ᠶᠢᠨ ᠪᠤᠴᠠᠵᠤ ᠢᠷᠡᠬᠦ ᠶᠢ ᠪᠡᠯᠭᠡᠳᠡᠳᠡᠭ᠃ ︵ᠰᠡᠭᠦᠳᠡᠷᠯᠡᠭᠴᠢ᠄ ᠳ᠋ᠢᠩ ᠭᠧᠨ ᠾᠸᠦ︶          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号