2024 ᠣᠨ ᠤ ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢᠴᠢᠳ ᠤᠨ ᠪᠠᠶᠠᠷ ᠤᠨ ᠠᠮᠠᠷᠠᠯᠲᠠ ᠲᠠᠯᠪᠢᠬᠤ ᠲᠣᠬᠢᠷᠠᠭᠤᠯᠤᠯᠲᠠ ᠶᠢᠨ ᠲᠤᠬᠠᠢ ᠢᠦᠢ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2024/4/30
     ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠨᠡᠶᠢᠲᠡᠯᠡᠭᠰᠡᠨ ︽2024 ᠣᠨ ᠤ ᠬᠡᠰᠡᠭ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠲᠣᠬᠢᠷᠠᠭᠤᠯᠤᠯᠲᠠ ᠶᠢᠨ ᠲᠤᠬᠠᠶ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ᠢᠯᠡ ᠮᠡᠳᠡᠭᠡ ﹇2020﹈ 7 ᠳ᠋ᠤᠭᠠᠷ ᠲᠣᠭᠠᠲᠤ︶ ᠢ ᠦᠨᠳᠦᠰᠦᠯᠡᠨ᠂ ᠲᠤᠭᠤᠷᠢᠭ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠡᠳᠦᠭᠡ 2024 ᠣᠨ ᠤ ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢᠴᠢᠨ ᠤ ᠪᠠᠶᠠᠷ ᠤᠨ ᠠᠮᠠᠷᠠᠯᠲᠠ ᠶᠢᠨ ᠲᠣᠬᠢᠷᠠᠭᠤᠯᠤᠯᠲᠠ ᠶᠢ ᠳᠣᠤᠷᠠᠬᠢ ᠮᠡᠲᠦ ᠮᠡᠳᠡᠭᠳᠡᠶ᠎ᠡ᠄      2024 ᠣᠨ ᠤ 5 ᠳ᠋ᠤᠭᠠᠷ ᠰᠠᠷ᠎ᠠ ᠶᠢᠨ 1 ᠤ ᠡᠳᠦᠷ ︵ᠭᠠᠷᠠᠭ ᠤᠨ ᠭᠤᠷᠪᠠᠨ︶ ᠠᠴᠠ 2024 ᠣᠨ ᠤ 5 ᠳ᠋ᠤᠭᠠᠷ ᠰᠠᠷ᠎ᠠ ᠶᠢᠨ 5 ᠤ ᠡᠳᠦᠷ ︵ᠭᠠᠷᠠᠭ ᠤᠨ ᠡᠳᠦᠷ︶ ᠪᠣᠯᠲᠠᠯ᠎ᠠ 5 ᠡᠳᠦᠷ ᠴᠢᠯᠥᠭᠡ ᠲᠠᠯᠪᠢᠵᠤ᠂ 4 ᠳ᠋ᠤᠭᠡᠷ ᠰᠠᠷ᠎ᠠ ᠶᠢᠨ 28 ᠤ ᠡᠳᠦᠷ ︵ᠭᠠᠷᠠᠭ ᠤᠨ ᠡᠳᠦᠷ︶ ᠬᠢᠭᠡᠳ 5 ᠳ᠋ᠤᠭᠠᠷ ᠰᠠᠷ᠎ᠠ ᠶᠢᠨ 11 ᠤ ᠡᠳᠦᠷ ︵ᠭᠠᠷᠠᠭ ᠤᠨ ᠵᠢᠷᠭᠤᠭᠠᠨ︶ ᠬᠡᠪ ᠤᠨ ᠪᠠᠶᠢᠳᠠᠯ ᠢᠶᠠᠷ ᠠᠵᠢᠯᠯᠠᠨ᠎ᠠ᠃      ᠴᠢᠯᠥᠭᠡ ᠲᠠᠯᠪᠢᠬᠤ ᠬᠤᠭᠤᠴᠠᠭᠠᠨ ᠳᠤ᠂ 7 × 24 ᠴᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠪᠡᠷ ᠢᠶᠠᠨ ᠦᠢᠯᠡᠴᠢᠯᠡᠬᠦ ᠬᠡᠲᠦ ᠳᠡᠯᠭᠡᠭᠦᠷ ᠮᠥᠨ ᠬᠦ ᠬᠡᠰᠡᠭ ᠲᠤᠬᠠᠶᠢᠯᠠᠭᠰᠠᠨ ᠠᠵᠢᠯ ᠢᠶᠠᠨ ᠪᠡᠶ᠎ᠡ ᠪᠠᠨ ᠳᠠᠭᠠᠭᠠᠵᠤ ᠭᠦᠢᠴᠡᠳᠬᠡᠵᠦ ᠪᠣᠯᠤᠨ᠎ᠠ᠃ ᠬᠡᠷᠪᠡ ᠱᠠᠭᠠᠷᠳᠠᠯᠭ᠎ᠠ ᠲᠠᠢ ᠪᠤᠯ ᠲᠤᠰ ᠬᠥᠮᠥᠨ ᠪᠡᠶ᠎ᠡ ᠶᠢᠨ ᠦᠨᠡᠮᠯᠡᠯ ᠢᠶᠠᠨ ᠠᠪᠴᠤ ᠺᠠᠷᠲ ᠰᠢᠷᠪᠢᠨ ᠤᠷᠤᠵᠤ ᠭᠠᠷᠴᠤ ᠪᠣᠯᠣᠨ᠎ᠠ᠃      ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢᠴᠢᠳ ᠤᠨ ᠪᠠᠶᠠᠷ ᠤᠨ ᠡᠳᠦᠷ ᠤᠨ ᠬᠤᠭᠤᠴᠠᠭᠠᠨ ᠳᠤ ᠴᠠᠭ ᠢ ᠬᠤᠶᠢᠰᠢᠯᠠᠭᠤᠯᠬᠤ ᠦᠢᠯᠡᠴᠢᠯᠡᠭᠡ ᠶᠢ ᠲᠦᠷ ᠵᠣᠭᠰᠣᠭᠠᠵᠤ᠂ 2024 ᠣᠨ ᠤ 4 ᠳ᠋ᠤᠭᠡᠷ ᠰᠠᠷ᠎ᠠ ᠶᠢᠨ 27 ᠤ ᠡᠳᠦᠷ ︵ᠭᠠᠷᠠᠭ ᠤᠨ ᠵᠢᠷᠭᠤᠭᠠᠨ︶ ᠵᠢᠴᠢ 2024 ᠣᠨ ᠤ 5 ᠳ᠋ᠤᠭᠠᠷ ᠰᠠᠷ᠎ᠠ ᠶᠢᠨ 12 ᠤᠨ ᠡᠳᠦᠷ ︵ᠭᠠᠷᠠᠭ ᠤᠨ ᠡᠳᠦᠷ︶ ᠴᠠᠭ ᠢ ᠬᠤᠶᠢᠰᠢᠯᠠᠭᠤᠯᠬᠤ ᠦᠢᠯᠡᠴᠢᠯᠡᠭᠡ ᠬᠡᠪ ᠤᠨ ᠪᠠᠶᠢᠳᠠᠯ ᠳᠤ ᠤᠷᠤᠨ᠎ᠠ᠃      ᠥᠷᠭᠡᠨ ᠣᠯᠠᠨ ᠬᠤᠲᠠ ᠶᠢᠨ ᠠᠷᠠᠳ ᠤᠴᠢᠷ ᠶᠠᠪᠤᠳᠠᠯ ᠰᠢᠢᠳᠪᠦᠷᠢᠯᠡᠬᠦ ᠴᠠᠭ ᠢᠶᠠᠨ ᠵᠦᠶ ᠵᠣᠬᠢᠰᠲᠠᠶ ᠲᠣᠬᠢᠷᠠᠭᠤᠯᠬᠤ ᠶᠢ ᠬᠦᠰᠡᠵᠦ ᠪᠠᠶᠢᠨ᠎ᠠ᠃ ᠥᠷᠭᠡᠨ ᠣᠯᠠᠨ ᠬᠤᠲᠠ ᠶᠢᠨ ᠠᠷᠠᠳ ᠨᠠᠶᠢᠵᠠ ᠨᠠᠷ ᠤᠨ ᠨᠢᠭᠡᠨ ᠪᠠᠶᠠᠷ ᠪᠠᠶᠠᠰᠬᠤᠯᠠᠩᠲᠤ ᠠᠮᠠᠷᠠᠯᠲᠠ ᠶᠢᠨ ᠬᠤᠭᠤᠴᠠᠭ᠎ᠠ ᠪᠠᠨ ᠥᠩᠭᠡᠷᠡᠭᠦᠯᠬᠦ ᠶᠢ ᠬᠦᠰᠡᠨ ᠵᠥᠩᠨᠡᠶ᠎ᠡ︕      ᠢᠦᠢ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ                  2024 ᠣᠨ ᠤ 4 ᠳ᠋ᠤᠭᠡᠷ ᠰᠠᠷ᠎ᠠ ᠶᠢᠨ 25 ᠤ ᠡᠳᠦᠷ         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号