ᠢᠦᠢ ᠴᠢᠤᠸᠠᠨ ᠲᠣᠭᠤᠷᠢᠭ ᠤᠨ ᠡᠨᠡ ᠬᠦ ᠠᠵᠤ ᠠᠬᠤᠶᠢᠯᠠᠯ ︽ᠪᠦᠬᠦ ᠤᠯᠤᠰ ᠤᠨ ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢ ᠶᠢᠨ ᠭᠦᠬᠢᠭᠦᠯᠦᠯ ᠤᠨ ᠪᠢᠴᠢᠭ︾ ᠤᠨ ᠢᠷᠠᠭᠤ ᠠᠯᠳᠠᠷ ᠢ ᠬᠦᠷᠲᠡᠪᠡ
ᠨᠡᠶᠢᠲᠡᠯᠡᠭᠰᠡᠨ ᠴᠠᠭ᠄
2024/4/30
     4 ᠳ᠋ᠤᠭᠡᠷ ᠰᠠᠷ᠎ᠠ ᠶᠢᠨ 28 ᠤ ᠡᠳᠦᠷ᠂ ︽5 · 1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠢ ᠪᠡᠯᠭᠡᠯᠡᠬᠦ ᠵᠢᠴᠢ ᠪᠦᠬᠦ ᠤᠯᠤᠰ ᠤᠨ ︽5 · 1︾ ᠤ ᠬᠥᠳᠡᠯᠮᠦᠷᠢ ᠶᠢᠨ ᠱᠠᠩᠨᠠᠯ ᠪᠠ ᠪᠦᠬᠦ ᠤᠯᠤᠰ ᠤᠨ ᠠᠵᠢᠯᠴᠢᠨ ᠤ ᠬᠤᠰᠢᠭᠤᠴᠢ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠶᠠᠪᠤᠭᠳᠠᠵᠤ᠂ 255 ᠪᠦᠬᠦ ᠤᠯᠤᠰ ᠤᠨ ︽5 · 1︾ ᠤ ᠭᠦᠬᠢᠭᠦᠯᠦᠯ ᠤᠨ ᠪᠢᠴᠢᠭ ᠪᠠ 1088 ᠪᠦᠬᠦ ᠤᠯᠤᠰ ᠤᠨ ︽5 · 1︾ ᠤ ᠭᠦᠬᠢᠭᠦᠯᠦᠯ ᠤᠨ ᠲᠡᠮᠳᠡᠭ ᠵᠢᠴᠢ ᠪᠦᠬᠦ ᠤᠯᠤᠰ ᠤᠨ 1034 ᠠᠵᠢᠯᠴᠢᠨ ᠤ ᠬᠤᠰᠢᠭᠤᠴᠢ ᠭᠦᠬᠢᠭᠦᠯᠦᠯ ᠰᠠᠶᠢᠰᠢᠶᠠᠯ ᠬᠦᠷᠲᠡᠪᠡ᠃ ᠡᠭᠦᠨ ᠳᠤ᠂ ᠢᠦᠢ ᠴᠢᠤᠸᠠᠨ ᠲᠣᠭᠤᠷᠢᠭ ᠤᠨ ᠠᠵᠤ ᠠᠬᠤᠶᠢᠯᠠᠯ ᠥᠪᠥᠷ ᠮᠣᠩᠭᠤᠯ ᠤᠨ ᠲᠠᠯ᠎ᠠ ᠨᠤᠲᠤᠭ ᠤᠨ ᠤᠯᠠᠭᠠᠨ ᠨᠠᠷᠠ ᠢᠳᠡᠭᠡᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠮᠠᠰᠢ ᠣᠯᠠᠨ ᠰᠢᠯᠢᠳᠡᠭ ᠠᠵᠤ ᠠᠬᠤᠶᠢᠯᠠᠯ ᠤᠨ ᠳᠤᠮᠳᠠ ᠴᠣᠯᠭᠤᠷᠠᠨ ᠭᠠᠷᠴᠤ᠂ ︽ᠪᠥᠬᠦ ᠤᠯᠤᠰ ᠤᠨ ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢ ᠶᠢᠨ ᠭᠦᠬᠢᠭᠦᠯᠦᠯ ᠤᠨ ᠪᠢᠴᠢᠭ︾ ᠤᠨ ᠢᠷᠠᠭᠤ ᠠᠯᠳᠠᠷ ᠢ ᠭᠥᠷᠳᠡᠪᠡ᠃
     ᠥᠪᠥᠷ ᠮᠣᠩᠭᠤᠯ ᠤᠨ ᠲᠠᠯ᠎ᠠ ᠨᠤᠲᠤᠭ ᠤᠨ ᠤᠯᠠᠭᠠᠨ ᠨᠠᠷᠠ ᠢᠳᠡᠭᠡᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ 2003 ᠣᠨ ᠳᠤ ᠪᠠᠶᠢᠭᠤᠯᠤᠭᠳᠠᠵᠤ᠂ ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠲᠤᠰᠬᠠᠢ ᠮᠡᠷᠭᠡᠵᠢᠯ ᠤᠨ ᠠᠮᠲᠠ ᠤᠷᠤᠭᠤᠯᠬᠤ ᠦᠢᠯᠡᠳᠬᠦᠨ ᠤ ᠠᠵᠤ ᠠᠬᠤᠶᠢᠯᠠᠯ ᠪᠣᠯᠤᠨ᠎ᠠ᠃ ᠠᠵᠤ ᠠᠬᠤᠶᠢᠯᠠᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠨᠡᠶᠢᠯᠡᠮᠡᠯ ᠠᠮᠲᠠ ᠤᠷᠤᠭᠤᠯᠬᠤ ᠡᠳ᠋ ᠤᠨ ᠤᠳᠤᠷᠢᠳᠤᠭᠠᠴᠢ ᠪᠣᠯᠬᠤ ᠪᠠᠷ ᠲᠡᠮᠡᠴᠡᠬᠦ ᠬᠠᠷᠠᠯᠲᠠ ᠪᠠᠨ ᠪᠣᠯᠭᠠᠵᠤ᠂ ᠡᠵᠡᠩᠨᠡᠯᠲᠡ ᠬᠥᠭᠵᠢᠯᠲᠡ ᠶᠢᠨ ᠳᠤᠮᠳᠠ ᠥᠪᠡᠷᠮᠢᠴᠡ ᠣᠨᠴᠠᠯᠢᠭ ᠲᠠᠢ ︽ᠤᠯᠠᠭᠠᠨ ᠨᠠᠷᠠ ︾ ᠶᠢᠨ ᠰᠣᠶᠣᠯ ᠢ ᠪᠦᠷᠢᠯᠳᠦᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠳᠡᠭᠡᠳᠦ ᠬᠡᠮᠵᠢᠶᠡᠨ ᠤ ᠵᠥᠪᠰᠢᠶᠡᠷᠡᠯ ᠢ ᠣᠯᠵᠤ᠂ ︽ᠢᠳᠡᠭᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠠᠵᠤ ᠠᠬᠤᠶᠢᠯᠠᠯ︾᠂ ︽ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠰᠡᠨ ᠭᠤᠤᠯᠳᠠᠯᠭ᠎ᠠ ᠲᠠᠢ ᠬᠥᠲᠥᠴᠢ ᠠᠵᠤ ᠠᠬᠤᠶᠢᠯᠠᠯ︾ ᠢᠶᠠᠷ ᠦᠨᠡᠯᠡᠭᠳᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢ ᠶᠢᠨ ᠭᠦᠬᠢᠭᠦᠯᠦᠯ ᠤᠨ ᠪᠢᠴᠢᠭ︾ ᠵᠡᠷᠭᠡ ᠵᠠᠭᠤ ᠰᠢᠬᠠᠮ ᠢᠷᠠᠭᠤ ᠠᠯᠳᠠᠷ ᠤᠨ ᠴᠣᠯᠠ ᠶᠢ ᠭᠥᠷᠳᠡᠵᠦ᠂ ᠬᠤᠶᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠠᠵᠢᠯᠲᠠᠨ ᠠᠵᠢᠯᠴᠢᠨ ᠤ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠲᠤᠷᠰᠢᠯᠲᠠ ᠶᠢᠨ ᠨᠢᠭᠡᠴᠢ ᠳᠤ ᠵᠢᠭᠰᠠᠭᠠᠭᠳᠠᠪᠠ᠃
     ᠲᠣᠰ ᠢᠷᠠᠭᠤ ᠠᠯᠳᠠᠷ ᠢ ᠭᠥᠷᠳᠡᠭᠰᠡᠨ ᠨᠢ ᠥᠪᠥᠷ ᠮᠣᠩᠭᠤᠯ ᠤᠨ ᠲᠠᠯ᠎ᠠ ᠨᠤᠲᠤᠭ ᠤᠨ ᠤᠯᠠᠭᠠᠨ ᠨᠡᠷᠡᠨ ᠢᠳᠡᠭᠡᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠩᠭᠡᠷᠡᠭᠰᠡᠨ ᠤ ᠴᠢᠷᠮᠠᠶᠢᠯᠭ᠎ᠠ ᠪᠠ ᠠᠮᠵᠢᠯᠲᠠ ᠪᠦᠲᠦᠮᠵᠢ ᠶᠢᠨ ᠨᠤᠲᠠᠯᠠᠯᠲᠠ ᠪᠣᠯᠬᠤ ᠪᠠᠷ ᠪᠠᠷᠠᠬᠤ ᠥᠬᠡᠶ᠂ ᠪᠠᠰᠠ ᠴᠤ ᠠᠵᠤ ᠠᠬᠤᠶᠢᠯᠠᠯ ᠤᠨ ᠪᠥᠬᠦ ᠠᠵᠢᠯᠲᠠᠨ ᠠᠵᠢᠯᠴᠢᠨ ᠴᠥᠬᠦᠷᠡᠰᠢ ᠥᠬᠡᠶ ᠲᠡᠮᠡᠴᠡᠵᠦ᠂ ᠭᠠᠷᠮᠠᠭᠠᠶ ᠪᠣᠯᠬᠤ ᠪᠠᠷ ᠬᠥᠭᠡᠭᠡᠴᠡᠯᠳᠦᠭᠰᠡᠨ ᠵᠣᠷᠢᠭᠵᠢᠭᠤᠯᠤᠯ ᠪᠣᠯᠬᠤ ᠶᠤᠮ᠃ ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠲᠠᠲᠠᠬᠤ ᠬᠦᠴᠦᠨ᠂ ᠨᠢᠭᠲᠠᠷᠠᠭᠤᠯᠬᠤ ᠬᠦᠴᠦᠨ᠂ ᠲᠥᠪᠯᠡᠩᠭᠦᠢ ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ᠂ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠥᠨ ᠢ ᠢᠳᠡᠪᠬᠢᠲᠡᠢ ᠪᠠᠷ ᠬᠥᠮᠥᠵᠢᠭᠦᠯᠦᠨ ᠰᠣᠩᠭᠤᠵᠤ᠂ ᠨᠡᠶᠢᠲᠡᠯᠢᠭ ᠵᠢᠱᠢᠶ᠎ᠡ ᠶᠢ ᠪᠤᠢ ᠪᠣᠯᠭᠠᠵᠤ᠂ ᠪᠦᠬᠦ ᠲᠣᠭᠤᠷᠢᠭ ᠤᠨ ᠥᠷᠭᠡᠨ ᠤᠯᠠᠨ ᠠᠵᠢᠯᠲᠠᠨ ᠠᠵᠢᠯᠴᠢᠨ ᠣᠯᠠᠨ ᠲᠦᠮᠡᠨ ᠤ ᠢᠦᠢ ᠴᠢᠤᠸᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ᠂ ᠠᠵᠢᠯᠴᠢᠨ ᠠᠩᠭᠢ ᠶᠢᠨ ᠭᠤᠣᠯ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠤᠨ᠎ᠠ︕
          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号