ᠰᠢᠩ ᠯᠦᠩ ᠭᠤᠳᠤᠮᠵᠢ ᠶᠢᠨ ᠯᠢ ᠴᠧᠩ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ᠶᠢᠨ ᠦᠢᠯᠡᠴᠢᠯᠡᠭᠡᠨ ᠤ ᠲᠦᠷᠦᠯ ᠵᠦᠢᠯ ᠤᠨ ᠡᠬᠢᠯᠡᠯᠲᠡ ᠶᠢᠨ ᠶᠤᠰᠤᠯᠠᠯ ᠶᠠᠪᠤᠭᠳᠠᠪᠠ
ᠨᠡᠶᠢᠲᠡᠯᠡᠭᠰᠡᠨ ᠴᠠᠭ᠄
2024/4/7
     ︽ᠨᠠᠰᠤᠵᠢᠯᠲᠠ︾ ᠶᠢᠨ ᠨᠡᠶᠢᠭᠡᠮ ᠤᠨ ᠬᠥᠭᠵᠢᠯᠲᠡ ᠶᠢ ᠳᠠᠭᠠᠯᠳᠤᠨ᠂ ᠨᠠᠰᠤᠲᠠᠶᠢᠴᠤᠳ ᠤᠨ ᠠᠵᠢᠯ ᠨᠢᠭᠡᠨᠲᠡ ᠮᠠᠨ ᠤ ᠤᠯᠤᠰ ᠪᠠ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠨᠢᠭᠡᠨ ᠴᠢᠬᠤᠯᠠ ᠡᠭᠦᠷᠭᠡ ᠪᠣᠯᠤᠭᠰᠠᠨ ᠪᠠᠶᠢᠨ᠎ᠠ᠃ ᠢᠦᠶ ᠴᠢᠤᠸᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠢᠦᠶ ᠴᠢᠤᠸᠠᠨ ᠲᠣᠭᠤᠷᠢᠭ ᠤᠨ ᠰᠢᠩ ᠯᠦᠩ ᠭᠤᠳᠤᠮᠵᠢ ᠶᠢᠨ ᠯᠢ ᠴᠧᠩ ᠨᠡᠶᠢᠭᠡᠮ ᠲᠣᠭᠤᠷᠢᠭ ᠵᠢᠴᠢ ᠥᠪᠥᠷ ᠮᠣᠩᠭᠤᠯ ᠤᠨ ᠰᠢᠨ ᠶᠠᠩ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ᠰᠢᠨᠵᠢᠯᠡᠬᠦ ᠤᠬᠠᠭᠠᠨᠴᠢ ᠲᠥᠯᠥᠪᠵᠢᠭᠦᠯᠭᠡ ᠪᠠ ᠨᠠᠷᠢᠨ ᠨᠢᠮᠪᠠᠶ ᠠᠵᠢᠯᠯᠠᠭᠠᠨ ᠤ ᠳᠣᠤᠷ᠎ᠠ᠂ ᠢᠦᠶ ᠴᠢᠤᠸᠠᠨ ᠲᠣᠭᠤᠷᠢᠭ ᠤᠨ ᠰᠢᠩ ᠯᠦᠩ ᠭᠤᠳᠤᠮᠵᠢ ᠶᠢᠨ ᠯᠢ ᠴᠧᠩ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ᠶᠢᠨ ᠦᠢᠯᠡᠴᠢᠯᠡᠭᠡᠨ ᠤ ᠲᠦᠷᠦᠯ ᠵᠦᠢᠯ ᠣᠶᠢᠷ᠎ᠠ ᠳᠤ ᠵᠢᠩᠬᠢᠨᠢ ᠪᠠᠷ ᠡᠬᠢᠯᠡᠪᠡ᠃
     ᠲᠥᠷᠥᠯ ᠵᠦᠢᠯ ᠤᠨ ᠡᠬᠢᠯᠡᠯᠲᠡ ᠶᠢᠨ ᠶᠣᠰᠣᠯᠠᠯ ᠳᠡᠭᠡᠷ᠎ᠡ᠂ ᠬᠠᠷᠢᠭᠤᠴᠠᠯᠭᠠᠲᠠᠨ ᠠᠴᠠ ᠬᠠᠷᠢᠶᠠᠲᠤ ᠣᠷᠣᠨ ᠤ ᠨᠠᠰᠤᠲᠠᠶᠢᠴᠤᠳ ᠵᠢᠴᠢ ᠰᠠᠭᠤᠭᠠᠯᠢ ᠠᠷᠠᠳ ᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ᠶᠢᠨ ᠦᠢᠯᠡᠴᠢᠯᠡᠭᠡᠨ ᠤ ᠲᠦᠷᠦᠯ ᠵᠦᠢᠯ ᠤᠨ ᠨᠠᠷᠢᠨ ᠠᠭᠤᠯᠭ᠎ᠠ ᠶᠢ ᠲᠠᠨᠢᠯᠴᠠᠭᠤᠯᠪᠠ᠂ ᠰᠢᠩ ᠯᠦᠩ ᠭᠤᠳᠤᠮᠵᠢ ᠶᠢᠨ ᠯᠢ ᠴᠧᠩ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ 2021 ᠣᠨ ᠳᠤ ᠪᠠᠶᠢᠭᠤᠯᠤᠭᠳᠠᠵᠤ᠂ ᠪᠠᠷᠢᠯᠭ᠎ᠠ ᠶᠢᠨ ᠲᠠᠯᠠᠪᠠᠶ ᠨᠢ 1000 ᠲᠡᠭᠰᠢ ᠳᠥᠷᠪᠡᠯᠵᠢᠨ ᠮᠧᠲᠷ ᠲᠤ ᠬᠦᠷᠴᠦ᠂ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠲᠣᠭᠤᠷᠢᠭ᠂ ᠰᠢᠮ᠎ᠡ ᠲᠡᠵᠢᠭᠡᠯ ᠳᠣᠭᠢᠷᠠᠭᠤᠯᠬᠤ ᠲᠣᠭᠤᠷᠢᠭ᠂ ᠰᠣᠶᠣᠯ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠲᠠᠰᠤᠭ᠂ ᠡᠷᠡᠭᠦᠯ ᠮᠡᠨᠳᠦ ᠶᠢᠨ ᠹᠢᠽᠢᠺ ᠵᠠᠰᠠᠯ ᠤᠨ ᠲᠣᠭᠤᠷᠢᠭ᠂ ᠡᠳᠦᠷ ᠤᠨ ᠬᠠᠷᠠᠭᠠᠯᠵᠠᠯ ᠤᠨ ᠲᠣᠭᠤᠷᠢᠭ ᠵᠡᠷᠭᠡ ᠣᠯᠠᠨ ᠴᠢᠳᠠᠮᠵᠢᠳᠤ ᠲᠠᠰᠤᠭ ᠵᠢᠴᠢ ᠬᠠᠷᠠᠭᠠᠯᠵᠠᠭᠰᠠᠨ ᠢᠵᠢ ᠪᠥᠷᠢᠳᠦᠭᠦᠯᠬᠦ ᠲᠥᠬᠦᠭᠡᠷᠦᠮᠵᠢ ᠶᠢ ᠳᠣᠭᠢᠷᠠᠭᠤᠯᠪᠠ᠃ ᠡᠨᠡ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠡᠳᠦᠷ ᠲᠤᠲᠤᠮ ᠤᠨ ᠬᠠᠷᠠᠭᠠᠯᠵᠠᠯ᠂ ᠬᠤᠭᠤᠯᠠᠨ ᠳᠤ ᠲᠤᠰᠠᠯᠠᠬᠤ᠂ ᠡᠮᠨᠡᠯᠭᠡ ᠳᠤ ᠲᠤᠰᠠᠯᠠᠬᠤ᠂ ᠵᠤᠭ᠎ᠠ ᠴᠡᠩᠭᠡᠯ ᠳᠤ ᠲᠤᠰᠠᠯᠠᠬᠤ᠂ ᠡᠷᠡᠭᠦᠯᠵᠢᠯ ᠤᠨ ᠠᠵᠢᠯᠯᠠᠭ᠎ᠠ᠂ ᠣᠶᠤᠨ ᠰᠠᠨᠠᠭᠠᠨ ᠤ ᠲᠠᠶᠢᠳᠬᠤᠷᠠᠭᠤᠯᠤᠯ᠂ ᠰᠡᠳᠬᠢᠴᠡ ᠶᠢᠨ ᠵᠢᠯᠣᠭᠤᠳᠣᠯᠭ᠎ᠠ᠂ ᠨᠡᠶᠢᠭᠡᠮ ᠤᠨ ᠠᠵᠢᠯ ᠤᠨ ᠦᠢᠯᠡᠴᠢᠯᠡᠭᠡ ᠵᠡᠷᠭᠡ ᠡᠯ᠎ᠡ ᠲᠠᠯ᠎ᠠ ᠶᠢᠨ ᠣᠯᠠᠨ ᠵᠦᠢᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠪᠣᠯᠤᠨ᠎ᠠ᠃ ᠳᠠᠷᠠᠭ᠎ᠠ ᠨᠢ ᠡᠯ᠎ᠡ ᠨᠠᠰᠤᠲᠠᠶᠢᠴᠤᠳ ᠤᠨ ᠲᠣᠭᠯᠠᠯᠲᠠ ᠶᠢᠨ ᠪᠦᠯᠬᠦᠮ ᠤᠨ ᠬᠢᠨ ᠲᠤᠬᠠᠢ ᠶᠢᠨ ᠲᠠᠯᠠᠪᠠᠢ ᠶᠢᠨ ᠵᠣᠴᠢᠳ ᠲᠤ ᠭᠤᠶᠢᠳᠠ ᠰᠠᠶᠢᠬᠠᠨ ᠲᠣᠭᠯᠠᠯᠲᠠ ᠠᠪᠴᠢᠷᠠᠵᠤ᠂ ᠤᠯᠠᠨ ᠳᠤ ᠭᠤᠶᠢᠳᠠ ᠰᠠᠶᠢᠬᠠᠨ ᠦᠵᠡᠵᠦ ᠰᠣᠨᠣᠰᠬᠤ ᠦᠪᠡᠳᠡᠭᠰᠢ ᠳᠠᠶᠢᠯᠠᠯᠭ᠎ᠠ ᠶᠢ ᠠᠪᠴᠢᠷᠠᠭᠰᠠᠨ ᠪᠠᠶᠢᠨ᠎ᠠ᠃
     ᠣᠶᠢᠯᠠᠭᠠᠭᠰᠠᠨ ᠢᠶᠠᠷ᠂ ᠯᠢ ᠴᠧᠩ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ᠶᠢᠨ ᠦᠢᠯᠡᠴᠢᠯᠡᠭᠡᠨ ᠤ ᠲᠦᠷᠦᠯ ᠵᠦᠢᠯ ᠨᠢ ᠪᠥᠬᠦ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠤ ᠥᠲᠡᠯᠪᠡᠯ ᠠᠰᠠᠷᠠᠮᠵᠢ ᠲᠠᠢ᠂ ᠥᠲᠡᠯᠪᠡᠯ ᠡᠮᠨᠡᠯᠭᠡ ᠲᠠᠢ᠂ ᠥᠲᠡᠯᠪᠡᠯ ᠰᠤᠷᠤᠯᠭ᠎ᠠ ᠲᠠᠢ᠂ ᠥᠲᠡᠯᠪᠡᠯ ᠪᠠᠶᠠᠷ ᠬᠥᠷ ᠲᠠᠢ ᠬᠠᠯᠠᠭᠤᠨ ᠳᠤᠯᠠᠭᠠᠨ ᠬᠡᠷ ᠣᠷᠣᠨ ᠢ ᠬᠠᠩᠭᠠᠵᠤ ᠥᠭᠭᠦᠭᠰᠡᠨ ᠢᠶᠠᠷ ᠪᠠᠷᠠᠬᠤ ᠥᠬᠡᠶ᠂ ᠯᠢ ᠴᠧᠩ ᠨᠡᠶᠢᠭᠡᠮ ᠲᠣᠭᠤᠷᠢᠭ ᠴᠢᠨᠠᠭᠰᠢᠯᠠᠪᠠᠯ ᠪᠦᠬᠦ ᠵᠡᠭᠡᠯᠢ ᠭᠤᠳᠤᠮᠵᠢ ᠶᠢᠨ ᠨᠠᠰᠤᠲᠠᠶᠢᠴᠤᠳ ᠤᠨ ᠠᠵᠢᠯ ᠢ ᠤᠯᠠᠮ ᠨᠢᠭᠡ ᠠᠯᠬᠤᠮ ᠳᠠᠶᠢᠴᠢᠯᠠᠨ ᠰᠢᠨ᠎ᠡ ᠪᠠᠶᠢᠳᠠᠯ ᠢ ᠪᠤᠶ ᠪᠣᠯᠭᠠᠵᠤ᠂ ᠡᠭᠦᠨ ᠤ ᠤᠯᠠᠮ ᠢᠶᠠᠷ ᠪᠦᠬᠦ ᠨᠡᠶᠢᠭᠡᠮ ᠳᠤ ᠨᠠᠰᠤᠲᠠᠨ ᠢᠶᠠᠨ ᠬᠦᠨᠳᠦᠯᠡᠨ ᠨᠠᠰᠤᠲᠠᠨ ᠢᠶᠠᠨ ᠬᠠᠶᠢᠷᠠᠯᠠᠬᠤ᠂ ᠬᠥᠮᠦᠨ ᠪᠦᠬᠦᠨ ᠬᠠᠷᠢᠭᠤᠴᠠᠯᠭ᠎ᠠ ᠲᠠᠢ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠤᠯᠠᠮ ᠨᠢᠭᠡ ᠠᠯᠬᠤᠮ ᠪᠤᠶ ᠪᠣᠯᠭᠠᠵᠤ᠂ ᠨᠡᠶᠢᠭᠡᠮ ᠵᠢᠷᠤᠮ ᠤᠨ ᠡᠶ᠎ᠡ ᠵᠣᠬᠢᠴᠠᠯ ᠲᠠᠢ ᠨᠡᠶᠢᠭᠡᠮ ᠢ ᠪᠦᠲᠦᠭᠡᠨ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠨᠢ ᠯᠠᠪᠲᠠᠶ ᠶᠤᠮ᠃
     ᠤᠢᠢᠷ᠎ᠠ ᠶᠢᠨ ᠵᠢᠯ ᠠᠴᠠ᠂ ᠨᠠᠰᠤᠲᠠᠶᠢᠴᠤᠳ ᠲᠤ ᠪᠦᠬᠦ ᠲᠠᠯ᠎ᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠦᠷᠲᠡᠭᠡᠬᠦ ᠶᠢᠨ ᠲᠥᠯᠥᠭᠡ᠂ ᠢᠦᠢ ᠴᠢᠤᠸᠠᠨ ᠲᠣᠭᠤᠷᠢᠭ ᠤᠨ ᠬᠢᠨ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠰᠢᠨ᠎ᠡ ᠵᠠᠭᠪᠤᠷ ᠢ ᠢᠳᠡᠪᠬᠢᠲᠡᠢ ᠬᠠᠶᠢᠨ ᠰᠦᠪᠡᠭᠴᠢᠯᠡᠬᠦ ᠪᠠ ᠰᠢᠨ᠎ᠡ ᠶᠢ ᠡᠭᠦᠳᠴᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠲᠥᠯᠥᠪᠵᠢᠭᠦᠯᠭᠡ ᠶᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠨᠡᠶᠢᠭᠡᠮ ᠲᠣᠭᠤᠷᠢᠭ ᠤᠨ ᠡᠬᠢ ᠪᠠᠶᠠᠯᠢᠭ ᠢ ᠨᠡᠶᠢᠳᠬᠡᠵᠦ᠂ ᠨᠡᠶᠢᠭᠡᠮ ᠤᠨ ᠬᠦᠴᠦᠨ ᠢ ᠲᠡᠳᠬᠦᠵᠦ ᠪᠠᠶᠢᠭᠠᠳ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠪᠠᠶᠢᠭᠤᠯᠵᠤ᠂ ᠨᠡᠩ ᠤᠯᠠᠨ ᠨᠠᠰᠤᠲᠠᠶᠢᠴᠤᠳ ᠲᠤ ᠥᠲᠡᠯᠦᠭᠡ ᠨᠠᠰᠤ ᠶᠢ ᠨᠢ ᠪᠠᠶᠠᠷ ᠬᠦᠷ ᠲᠠᠢ ᠡᠳ᠋ᠯᠡᠭᠦᠯᠦᠨ᠎ᠡ᠃            ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号