ᠤᠷᠳᠤᠰ ᠵᠠᠮ ᠤᠨ ᠵᠡᠭᠡᠯᠢ ᠭᠤᠳᠤᠮᠵᠢ ᠶᠢᠨ ᠬᠢᠨ ︽ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ ᠤᠯᠤᠰ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠪᠠᠨ ᠤᠯᠠᠮᠵᠢᠯᠠᠨ ᠵᠠᠯᠭᠠᠮᠵᠢᠯᠠᠬᠤ︾ ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ ᠳᠠᠬᠢᠬᠤ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/7
     ᠡᠬᠡ ᠣᠷᠣᠨᠴᠢ ᠦᠵᠡᠯ ᠤᠨ ᠬᠥᠮᠦᠵᠢᠯ ᠢ ᠭᠦᠨᠵᠡᠭᠡᠶ ᠥᠷᠨᠢᠭᠦᠯᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠦᠨᠡᠨ ᠬᠦ ᠬᠥᠲᠥᠯᠦᠨ ᠵᠢᠯᠣᠭᠤᠳᠴᠤ ᠪᠠᠶᠢᠭᠠᠳ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠢᠷᠠᠭᠤ ᠠᠯᠳᠠᠷᠲᠤ ᠦᠢᠯᠡ ᠠᠵᠢᠯᠯᠠᠭ᠎ᠠ ᠶᠢ ᠪᠠᠲᠤ ᠴᠡᠭᠡᠵᠢᠯᠡᠭᠦᠯᠵᠦ᠂ ᠬᠢᠯᠪᠠᠷ ᠪᠤᠰᠤ ᠪᠠᠷ ᠢᠷᠡᠭᠰᠡᠨ ᠵᠣᠯ ᠵᠢᠷᠭᠠᠯᠲᠤ ᠠᠮᠢᠳᠤᠷᠠᠯ ᠢᠶᠠᠨ ᠬᠤᠪᠢ ᠳᠠᠬᠢᠨ ᠨᠠᠨᠳᠢᠩᠨᠠᠵᠤ᠂ ᠦᠷᠡᠭᠳᠡᠭᠰᠡᠨ ᠪᠠᠭᠠᠲᠤᠷᠴᠤᠳ ᠤᠨ ᠵᠣᠷᠢᠭ ᠰᠠᠨᠠᠭ᠎ᠠ ᠶᠢ ᠨᠠᠩ ᠰᠠᠶᠢᠲᠤᠷ ᠤᠯᠠᠮᠵᠢᠯᠠᠨ ᠪᠠᠳᠠᠷᠠᠭᠤᠯᠬᠤ ᠶᠢᠨ ᠲᠥᠯᠥᠭᠡ᠂ 4 ᠳ᠋ᠤᠭᠡᠷ ᠰᠠᠷ᠎ᠠ ᠶᠢᠨ 3 ᠤ ᠡᠳᠦᠷ᠂ ᠣᠷᠳᠣᠰ ᠵᠠᠮ ᠤᠨ ᠵᠡᠭᠡᠯᠢ ᠭᠤᠳᠤᠮᠵᠢ ᠶᠢᠨ ᠬᠢᠨ ︽ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠡᠬᠡ ᠣᠷᠣᠨᠴᠢ ᠬᠠᠶᠢᠷ᠎ᠠ ᠰᠡᠳᠬᠢᠯᠭᠡ ᠪᠠᠨ ᠤᠯᠠᠮᠵᠢᠯᠠᠨ ᠵᠠᠯᠭᠠᠮᠵᠢᠯᠠᠬᠤ︾ ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ ᠲᠠᠬᠢᠬᠤ ᠭᠤᠤᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃
     ᠠᠵᠢᠯᠯᠠᠭ᠎ᠠ ᠡᠬᠢᠯᠡᠭᠰᠡᠨ ᠤ ᠲᠠᠷᠠᠭ᠎ᠠ᠂ ᠤᠯᠠᠨ ᠢᠶᠠᠷ ᠢᠶᠠᠨ ᠮᠥᠷᠯᠡᠨ ᠵᠣᠭᠰᠣᠵᠤ ᠨᠠᠮᠠᠨᠴᠢᠯᠠᠨ ᠭᠠᠰᠢᠭᠤᠳᠠᠪᠠ᠃ ᠳᠠᠷᠠᠭ᠎ᠠ ᠳᠤᠨᠢ᠂ ᠬᠤᠪᠢᠰᠬᠠᠯ ᠤᠨ ᠣᠬᠤᠷ ᠹᠢᠯᠢᠮ ᠢ ᠰᠣᠨᠢᠷᠬᠠᠵᠤ᠂ ︽ᠦᠷᠡᠭᠳᠡᠭᠰᠡᠨ ᠪᠠᠭᠠᠲᠤᠷᠴᠤᠳ ᠢᠶᠠᠨ ᠳᠠᠬᠢᠬᠤ ︾ ᠬᠠᠭᠤᠳᠠᠰᠤᠨ ᠳᠤ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠲᠤ ᠶᠣᠰᠣᠯᠠᠵᠤ ᠴᠡᠴᠡᠭ ᠢᠶᠠᠨ ᠡᠷᠭᠦᠪᠡ᠃ ᠡᠴᠦᠰ ᠲᠤ᠂ ᠤᠯᠠᠨ ᠢᠶᠠᠷ ᠢᠶᠠᠨ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ ᠰᠠᠨᠠᠭᠠᠯᠵᠠᠪᠠ᠃ ᠲᠣᠰ ᠤᠳᠠᠭ᠎ᠠ ᠶᠢᠨ ᠵᠡᠭᠡᠯᠢ ᠭᠤᠳᠤᠮᠵᠢ ᠶᠢᠨ ᠬᠢᠨ ︽ᠰᠦᠯᠵᠢᠶᠡᠨ ᠳᠡᠭᠡᠷ᠎ᠡ ᠦᠷᠡᠭᠳᠡᠭᠰᠡᠨ ᠪᠠᠭᠠᠲᠤᠷᠴᠤᠳ ᠢᠶᠠᠨ ᠲᠠᠬᠢᠬᠤ︾ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠲᠡᠤᠬᠡ ᠪᠠᠨ ᠪᠠᠲᠤ ᠴᠡᠭᠡᠵᠢᠯᠡᠵᠦ᠂ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠡᠷᠬᠢᠮ ᠳᠡᠭᠡᠳᠦ ᠵᠣᠷᠢᠭ ᠰᠠᠨᠠᠭ᠎ᠠ ᠪᠠᠷ ᠦᠵᠡᠯ ᠰᠡᠳᠬᠢᠯᠭᠡ ᠪᠠᠨ ᠪᠣᠯᠪᠠᠰᠤᠷᠠᠭᠤᠯᠵᠤ᠂ ᠣᠶᠤᠨ ᠰᠠᠨᠠᠭ᠎ᠠ ᠪᠠᠨ ᠰᠢᠩᠭᠡᠭᠡᠵᠦ᠂ ᠦᠷᠡᠭᠳᠡᠭᠰᠡᠨ ᠪᠠᠭᠠᠲᠤᠷᠴᠤᠳ ᠤᠨ ᠨᠤᠭᠤᠷᠠᠰᠢ ᠥᠬᠡᠶ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠦᠷᠡᠭᠳᠡᠯ ᠰᠦᠢᠳᠦᠯ ᠠᠴᠠ ᠠᠶᠤᠬᠤ ᠥᠬᠡᠶ᠂ ᠭᠤᠶᠠᠴᠢ ᠥᠬᠡᠶ ᠵᠢᠳᠬᠦᠬᠦ ᠬᠤᠪᠢᠰᠬᠠᠯᠲᠤ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠦᠰ ᠢ ᠬᠥᠮᠦᠵᠢᠭᠦᠯᠪᠡ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号