ᠾᠧᠩ ᠴᠠᠩ ᠨᠡᠶᠢᠭᠡᠮ ᠲᠣᠭᠤᠷᠢᠭ ︽ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠬᠤ︾ ᠤᠯᠤᠰ ᠢᠶᠠᠨ ᠬᠠᠶᠢᠷᠠᠯᠠᠬᠤ ᠦᠵᠡᠯ ᠤᠨ ᠦᠯᠢᠭᠡᠷ ᠢ ᠪᠢ ᠶᠠᠷᠢᠬᠤ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2024/4/7
     ᠬᠠᠩᠰᠢ ᠶᠢᠨ ᠡᠳᠦᠷ ᠬᠦᠷᠴᠦ ᠢᠷᠡᠬᠦ ᠲᠠᠰᠢᠷᠠᠮ ᠳᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢᠶᠠᠨ ᠭᠠᠰᠢᠭᠤᠳᠠᠨ ᠳᠤᠷᠠᠰᠬᠠᠵᠤ᠂ ᠦᠨᠳᠦᠰᠦᠲᠡᠨ ᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠬᠡᠤᠬᠡᠳ ᠪᠣᠯᠤᠨ ᠰᠠᠭᠤᠭᠠᠯᠢ ᠠᠷᠠᠳ ᠲᠤ ᠠᠬᠠᠮᠠᠳ ᠦᠶ᠎ᠡ ᠶᠢᠨ ᠬᠢᠨ ᠤ ᠢᠷᠠᠭᠤ ᠠᠯᠳᠠᠷᠲᠤ ᠤᠯᠠᠮᠵᠢᠯᠠᠯ ᠢ ᠵᠠᠯᠭᠠᠮᠵᠢᠯᠠᠭᠤᠯᠬᠤ ᠶᠢᠨ ᠲᠦᠯᠦᠭᠡ᠂ ᠲᠦᠷᠦᠭᠦᠬᠡᠨ᠂ ᠾᠧᠩ ᠴᠠᠩ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡ ᠾᠧᠩ ᠴᠠᠩ ᠳ᠋ᠢᠶᠠᠨ ᠭᠤᠲᠤᠮᠵᠢ ᠶᠢᠨ ᠪᠠᠭ᠎ᠠ ᠰᠤᠷᠭᠠᠭᠤᠯᠢ ᠲᠠᠢ ᠬᠠᠮᠲᠤᠷᠠᠨ ᠰᠠᠭᠤᠭᠠᠯᠢ ᠠᠷᠠᠳ ᠢ ᠵᠣᠬᠢᠶᠠᠨ ᠪᠠᠶᠢᠭᠤᠯᠵᠤ ︽ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠬᠤ︾ ᠡᠬᠡ ᠣᠷᠣᠨᠴᠢ ᠦᠵᠡᠯ ᠤᠨ ᠥᠯᠢᠭᠡᠷ ᠢ ᠪᠢ ᠶᠠᠷᠢᠬᠤ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠦᠷᠨᠢᠭᠦᠯᠵᠡᠢ᠃
     ᠠᠵᠢᠯᠯᠠᠭ᠎ᠠ ᠶᠢᠨ ᠳᠤᠮᠳᠠ᠂ ᠡᡁᠧᠩ ᠴᠠᠩ ᠳ᠋ᠢᠶᠠᠨ ᠭᠤᠲᠤᠮᠵᠢ ᠶᠢᠨ ᠪᠠᠭ᠎ᠠ ᠰᠤᠷᠭᠠᠭᠤᠯᠢ ᠶᠢᠨ ᠰᠢᠯᠢᠳᠡᠭ ᠪᠠᠭᠠᠴᠤᠳ ᠤᠨ ᠬᠤᠰᠢᠭᠤᠴᠢ ᠠᠩᠬᠢ ᠶᠢᠨ ᠭᠡᠰᠢᠭᠦᠳ ᠤᠯᠠᠨ ᠳᠤ ᠬᠤᠪᠢᠰᠬᠠᠯ ᠤᠨ ᠪᠠᠭᠠᠲᠤᠷ ᠯᠢᠦ ᠬᠤ᠋ ᠯᠠᠨ ᠤ ᠪᠠᠭᠠᠲᠤᠷᠯᠢᠭ ᠦᠢᠯᠡ ᠠᠵᠢᠯᠯᠠᠭ᠎ᠠ ᠶᠢ ᠠᠮᠢᠳᠤᠯᠢᠭ ᠢᠶᠠᠷ ᠶᠠᠷᠢᠵᠤ ᠥᠭᠴᠡᠢ᠂ ᠲᠡᠷᠡ ᠡᠷᠡᠯᠬᠡᠭ ᠪᠠᠭᠠᠲᠤᠷᠯᠢᠭ ᠪᠥᠭᠡᠳ ᠳᠠᠶᠢᠰᠤᠨ ᠤ ᠡᠮᠦᠨ᠎ᠡ ᠨᠤᠭᠤᠷᠠᠰᠢ ᠦᠭᠡᠢ ᠲᠡᠮᠡᠴᠡᠵᠦ᠂ ᠲᠡᠷᠡ ᠣᠬᠤᠷᠬᠠᠨ ᠵᠠᠯᠠᠭᠤ ᠨᠠᠰᠤ ᠪᠠᠷ ᠢᠶᠠᠨ ᠥᠨᠢᠳᠡ ᠶᠢᠨ ᠢᠷᠠᠭᠤ ᠬᠠᠭᠤᠳᠠᠰᠤ ᠶᠢ ᠪᠢᠴᠢᠭᠯᠡᠪᠡ︔ ᠬᠤᠪᠢᠰᠬᠠᠯ ᠤᠨ ᠦᠷᠡᠭᠳᠡᠭᠰᠡᠨ ᠪᠠᠭᠠᠲᠤᠷ ᠳ᠋ᠦᠩ ᠼᠦᠨ ᠷᠦᠢ ᠴᠡᠷᠢᠭ ᠠᠩᠭᠢ ᠶᠢᠨ ᠤᠷᠤᠭᠰᠢᠯᠠᠯᠲᠠ ᠶᠢᠨ ᠬᠠᠷᠰᠢ ᠰᠠᠭᠠᠳ ᠢ ᠠᠷᠢᠯᠭᠠᠬᠤ ᠶᠢᠨ ᠲᠥᠯᠥᠭᠡ᠂ ᠳᠠᠷᠢ ᠶᠢᠨ ᠪᠠᠭᠯᠠᠭ᠎ᠠ ᠶᠢ ᠡᠷᠡᠰ ᠰᠢᠭᠤᠷᠬᠠᠶ ᠪᠠᠷ ᠡᠷᠭᠦᠨ ᠠᠪᠴᠤ ᠪᠡᠶ᠎ᠡ ᠦᠷᠡᠭᠳᠡᠭᠰᠡᠨ ᠪᠠᠭᠠᠲᠤᠷᠯᠢᠭ ᠦᠢᠯᠡ ᠠᠵᠢᠯᠯᠠᠭ᠎ᠠ ᠨᠢ ᠬᠡᠦᠬᠡᠳ ᠤᠳ ᠤᠨ ᠰᠡᠳᠬᠢᠯ ᠢ ᠬᠥᠳᠡᠯᠭᠡᠵᠡᠶ᠃ ᠠᠬᠠᠮᠠᠳ ᠦᠶ᠎ᠡ ᠶᠢᠨ ᠬᠢᠨ ᠤ ᠪᠠᠭᠠᠲᠤᠷᠯᠢᠭ ᠤᠢᠢᠯᠠ ᠠᠵᠢᠯᠯᠠᠭ᠎ᠠ ᠶᠢ ᠰᠣᠨᠣᠰᠤᠭᠠᠳ᠂ ᠬᠡᠦᠬᠡᠳ ᠤᠳ ᠬᠤᠶᠢᠰᠢᠳᠠ ᠤᠳᠦ ᠶᠢᠨ ᠰᠡᠶᠢᠠ ᠰᠠᠶᠢᠬᠠᠨ ᠠᠮᠢᠳᠤᠷᠠᠯ ᠢᠶᠠᠨ ᠨᠡᠩ ᠨᠠᠨᠳᠢᠩᠨᠠᠵᠤ᠂ ᠵᠠᠪᠠᠯ ᠠᠬᠠᠮᠠᠳ ᠦᠶ᠎ᠡ ᠶᠢᠨ ᠬᠢᠨ ᠤ ᠬᠤᠪᠢᠰᠬᠠᠯᠲᠤ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ ᠵᠠᠯᠭᠠᠮᠵᠢᠯᠠᠨ᠎ᠠ ᠭᠡᠵᠦ ᠢᠯᠡᠳᠬᠡᠵᠡᠭᠡᠪᠡ᠃
     ᠲᠤᠰ ᠤᠳᠠᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠡᠬᠡ ᠣᠷᠣᠨᠴᠢ ᠦᠵᠡᠯ ᠤᠨ ᠬᠠᠶᠢᠷ᠎ᠠ ᠰᠡᠳᠬᠢᠯᠭᠡ ᠶᠢ ᠤᠯᠠᠮ ᠨᠢᠭᠡ ᠠᠯᠬᠤᠮ ᠬᠥᠮᠦᠵᠢᠭᠦᠯᠵᠦ᠂ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠪᠣᠯᠤᠨ ᠬᠡᠦᠬᠡᠳ ᠲᠤ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠠᠭᠠᠲᠤᠷᠯᠢᠭ ᠦᠢᠯᠡ ᠠᠵᠢᠯᠯᠠᠭ᠎ᠠ ᠶᠢ ᠪᠠᠲᠤ ᠴᠡᠭᠡᠵᠢᠯᠡᠭᠦᠯᠵᠦ᠂ ᠥᠷᠭᠡᠨ ᠤᠯᠠᠨ ᠰᠠᠭᠤᠭᠠᠯᠢ ᠠᠷᠠᠳ ᠲᠦᠮᠡᠨ ᠤ ᠬᠤᠪᠢᠰᠬᠠᠯ ᠤᠨ ᠪᠠᠭᠠᠲᠤᠷᠴᠤᠳ ᠢ ᠬᠦᠨᠳᠦᠳᠬᠡᠨ ᠪᠢᠰᠢᠷᠡᠬᠦ ᠰᠡᠳᠬᠢᠯᠭᠡ ᠪᠠ ᠠᠴᠢᠯᠠᠯᠲᠤ ᠰᠡᠳᠬᠢᠯᠭᠡ ᠶᠢ ᠬᠥᠭᠵᠢᠭᠡᠵᠦ᠂ ᠥᠨᠥᠳᠦᠷ ᠤᠨ ᠵᠣᠯ ᠵᠢᠷᠭᠠᠯᠲᠤ ᠠᠮᠢᠳᠤᠷᠠᠯ ᠢᠶᠠᠨ ᠨᠡᠩ ᠨᠠᠨᠳᠢᠩᠨᠠᠬᠤ ᠪᠣᠯᠭᠠᠨ᠎ᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号