ᠰᠠᠨ ᠯᠢ ᠶᠢᠩ ᠤᠨ ᠪᠠᠷᠠᠭᠤᠨ ᠨᠡᠶᠢᠭᠡᠮ ᠲᠣᠭᠤᠷᠢᠭ ᠤᠨ ᠬᠢᠨ ︽ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ ᠲᠡᠦᠬᠡ ᠪᠠᠨ ᠪᠠᠲᠤ ᠴᠡᠭᠡᠵᠢᠯᠡᠶ᠎ᠡ︾ ᠭᠡᠬᠦ ᠮᠠᠨ ᠤ ᠪᠠᠶᠠᠷ ᠤᠨ ᠡᠳᠦᠷ · ᠬᠠᠩᠰᠢ ᠶᠢᠨ ᠡᠳᠦᠷ ᠤᠨ ᠭᠤᠣᠯ ᠰᠡᠳᠦᠪᠲᠦ ᠬᠥᠳᠡᠯᠭᠡᠭᠡᠨ ᠦᠷᠨᠢᠭᠦᠯᠪᠡ
ᠨᠡᠶᠢᠲᠡᠯᠡᠭᠰᠡᠨ ᠴᠠᠭ᠄
2024/4/7
     ︽ᠲᠡᠦᠬᠡ ᠶᠢ ᠮᠠᠷᠲᠠᠬᠤ ᠦᠭᠡᠢ᠂ ᠪᠠᠭᠠᠲᠤᠷᠴᠤᠳ ᠢ ᠡᠭᠦᠷᠢᠳᠡ ᠮᠠᠷᠲᠠᠬᠤ ᠦᠭᠡᠢ︾ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠬᠤ ᠶᠢᠨ ᠲᠥᠯᠥᠭᠡ᠂ 4 ᠳ᠋ᠤᠭᠡᠷ ᠰᠠᠷ᠎ᠠ ᠶᠢᠨ 2 ᠤᠨ ᠦᠳᠡ ᠶᠢᠨ ᠬᠤᠶᠢᠨ᠎ᠠ ᠱᠢ ᠳ᠋ᠦᠩ ᠵᠠᠮ ᠤᠨ ᠵᠡᠭᠡᠯᠢ ᠭᠤᠳᠤᠮᠵᠢ ᠶᠢᠨ ᠰᠠᠨ ᠯᠢ ᠶᠢᠩ ᠤᠨ ᠪᠠᠷᠠᠭᠤᠨ ᠨᠡᠶᠢᠭᠡᠮ ᠲᠣᠭᠤᠷᠢᠭ ᠤᠨ ᠳ᠋ᠦᠸᠧ ᠰᠦᠩ ᠨᠢᠶᠠᠨ ᠤ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠣᠷᠳᠣᠨ ᠳᠤ ︽ᠨᠠᠮ ᠤᠨ ᠠᠴᠢ ᠶᠢ ᠮᠡᠳᠡᠷᠡᠵᠦ ᠨᠠᠮ ᠤᠨ ᠦᠭᠡ ᠶᠢ ᠰᠣᠨᠣᠰᠴᠤ ᠨᠠᠮ ᠢᠶᠠᠨ ᠲᠠᠭᠠᠵᠦ᠂ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠲᠡᠦᠬᠡ ᠪᠠᠨ ᠪᠠᠲᠤ ᠴᠡᠭᠡᠵᠢᠯᠡᠬᠦ︾ ᠪᠢᠲᠡᠨ ᠤ ᠪᠠᠶᠠᠷ ᠤᠨ ᠡᠳᠦᠷ · ᠬᠠᠩᠰᠢ ᠶᠢᠨ ᠡᠳᠦᠷ ᠤᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠡᠢ᠃
     ᠲᠤᠰ ᠤᠳᠠᠭ᠎ᠠ ᠶᠢᠨ ᠲᠣᠭᠤᠷᠢᠨ ᠦᠵᠡᠬᠦ ᠳᠤᠮᠳᠠ ᠠᠴᠠ ᠤᠢᠢᠯᠠᠭᠠᠭᠰᠠᠨ ᠢᠶᠠᠷ᠂ ᠳ᠋ᠦᠸᠧ ᠰᠦᠩ ᠨᠢᠶᠠᠨ ︵1905 — 1927︶ ᠤ ᠤᠤᠯ ᠨᠡᠷ᠎ᠡ ᠳ᠋ᠦᠸᠧ ᠱᠧᠦ᠂ ᠮᠣᠩᠭᠤᠯ ᠦᠨᠳᠦᠰᠦᠲᠡᠨ᠃ ᠰᠦᠢᠶᠤᠸᠠᠨ ᠮᠤᠵᠢ ᠶᠢᠨ ᠬᠦᠢᠰᠦ᠋ᠢ ᠶᠢᠨ ᠬᠥᠮᠦᠨ᠃ ᠶᠠᠳᠠᠭᠤ ᠵᠦᠳᠡᠭᠦᠦ ᠲᠠᠷᠢᠶᠠᠴᠢᠨ ᠤ ᠭᠡᠷ ᠲᠤ ᠲᠦᠷᠦᠵᠡᠢ᠃ ᠵᠠᠯᠠᠭᠤ ᠳᠠᠭᠠᠨ ᠲᠦᠮᠡᠳ ᠳᠡᠭᠡᠳᠦ ᠵᠡᠷᠭᠡ ᠶᠢᠨ ᠪᠠᠭ᠎ᠠ ᠰᠤᠷᠭᠠᠭᠤᠯᠢ ᠳᠤ ᠪᠢᠴᠢᠭ ᠦᠵᠡᠵᠦ᠂ ᠳᠠᠪᠰᠢᠩᠭᠤᠶ ᠪᠠᠭᠰᠢ ᠶᠢᠨ ᠨᠥᠯᠥᠭᠡ ᠶᠢ ᠬᠦᠷᠳᠡᠵᠤ᠂ ᠦᠵᠡᠯ ᠰᠠᠨᠠᠭᠠᠨ ᠤ ᠲᠠᠯ᠎ᠠ ᠪᠠᠷ ᠲᠠᠪᠰᠢᠯᠳᠠ ᠶᠢ ᠬᠥᠭᠡᠭᠡᠴᠡᠯᠳᠦᠵᠦ᠂ ᠬᠤᠪᠢᠰᠬᠠᠯᠲᠤ ᠰᠡᠳᠬᠦᠯ ︽ᠮᠣᠩᠭᠤᠯ ᠲᠠᠷᠢᠶᠠᠴᠢᠨ︾ ᠰᠡᠳᠬᠦᠯ ᠢ ᠡᠭᠦᠳᠦᠨ ᠡᠷᠬᠢᠯᠡᠵᠤ᠂ ᠨᠠᠮ ᠤᠨ ︽ᠲᠠᠪᠤᠳᠤᠭᠠᠷ ᠶᠡᠭᠡ ᠬᠤᠷᠠᠯ︾ ᠳᠤ ᠣᠷᠣᠯᠴᠠᠵᠠᠶ᠃ 1927 ᠣᠨ ᠤ 8 ᠳ᠋ᠤᠭᠠᠷ ᠰᠠᠷ᠎ᠠ ᠳᠤ᠂ ᠳ᠋ᠦᠸᠧ ᠰᠦᠩ ᠨᠢᠶᠠᠨ ᠪᠠᠷᠢᠪᠴᠢᠯᠠᠭᠳᠠᠪᠠ᠂ ᠳᠠᠶᠢᠰᠤᠨ ᠲᠡᠭᠦᠨ ᠤ ᠠᠮᠠᠨ ᠠᠴᠠ ᠵᠣᠬᠢᠶᠠᠨ ᠪᠠᠶᠢᠭᠤᠯᠤᠯᠲᠠ ᠶᠢᠨ ᠨᠢᠭᠤᠴᠠ ᠶᠢ ᠥᠴᠦᠬᠡᠨ ᠴᠦ ᠣᠯᠤᠭᠰᠠᠨ ᠦᠭᠡᠢ᠂ ᠡᠯ᠎ᠡ ᠵᠦᠢᠯ ᠤᠨ ᠠᠶᠤᠯᠭᠠᠨ ᠰᠢᠬᠠᠮᠳᠠᠭᠤᠯᠵᠤ ᠠᠰᠢᠭ ᠢᠶᠠᠷ ᠦᠳᠦᠭᠡᠬᠦ ᠠᠵᠢᠯᠯᠠᠭ᠎ᠠ ᠶᠢᠨ ᠡᠮᠦᠨ᠎ᠡ᠂ ᠳ᠋ᠦᠸᠧ ᠰᠦᠩ ᠨᠢᠶᠠᠨ ᠦᠬᠦᠬᠦ ᠠᠴᠠ ᠪᠢᠰᠢ ᠨᠤᠭᠤᠷᠠᠬᠤ ᠦᠭᠡᠢ᠂ ᠬᠦᠨᠳᠦ ᠡᠷᠡᠭᠦᠦ ᠶᠢ ᠮᠣᠬᠤᠲᠠᠯ᠎ᠠ ᠠᠮᠰᠠᠵᠤ᠂ ᠪᠡᠶ᠎ᠡ ᠦᠷᠡᠭᠳᠡᠬᠦ ᠦᠶ᠎ᠡ ᠳᠤ ᠰᠠᠶ᠋ᠢ 22 ᠨᠠᠰᠤᠲᠠᠢ ᠪᠠᠶᠢᠪᠠ᠃
     ᠨᠥᠭᠴᠢᠭᠰᠡᠨ ᠪᠠᠭᠠᠲᠤᠷ ᠳ᠋ᠦᠸᠧ ᠰᠦᠩ ᠨᠢᠶᠠᠨ ᠤ ᠣᠬᠤᠷᠬᠠᠨ ᠨᠢᠭᠡ ᠨᠠᠰᠤ ᠪᠠᠷ ᠢᠶᠠᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠡᠬᠡ ᠤᠯᠤᠰ ᠲᠠᠭᠠᠨ ᠬᠦᠴᠦ ᠪᠠᠨ ᠡᠷᠭᠦᠬᠦ ᠤᠯᠤᠰ ᠢᠶᠠᠨ ᠬᠠᠶᠢᠷᠠᠯᠠᠬᠤ ᠰᠡᠳᠬᠢᠯᠭᠡ ᠪᠣᠯᠤᠨ ᠡᠷᠡᠯᠬᠡᠭ ᠪᠠᠭᠠᠲᠤᠷᠯᠢᠭ ᠰᠢᠷᠭᠠᠭᠤ ᠬᠠᠲᠠᠭᠤᠵᠢᠯᠲᠠᠢ ᠬᠤᠪᠢᠰᠬᠠᠯᠲᠤ ᠵᠣᠷᠢᠭ ᠰᠠᠨᠠᠭ᠎ᠠ ᠶᠢ ᠪᠢᠴᠢᠭᠯᠡᠵᠡᠢ᠃ ᠠᠵᠢᠯᠯᠠᠭ᠎ᠠ ᠳᠠᠭᠤᠰᠤᠭᠰᠠᠨ ᠤ ᠲᠠᠷᠠᠭ᠎ᠠ᠂ ᠤᠯᠠᠨ ᠢᠶᠠᠷ ᠢᠶᠠᠨ ᠮᠠᠰᠢ ᠭᠦᠨ ᠲᠦᠷᠦᠭᠳᠡᠯ ᠲᠠᠢ ᠪᠤᠯᠵᠤ᠂ ᠬᠤᠪᠢᠰᠬᠠᠯ ᠤᠨ ᠭᠧᠨ ᠢ ᠰᠠᠶᠢᠲᠤᠷ ᠵᠠᠯᠭᠠᠮᠵᠢᠯᠠᠵᠤ᠂ ᠬᠤᠪᠢᠰᠬᠠᠯ ᠤᠨ ᠴᠢᠰᠤᠨ ᠰᠤᠳᠠᠰᠤ ᠶᠢ ᠦᠷᠭᠦᠯᠵᠢᠯᠡᠭᠦᠯᠵᠦ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠴᠢᠰᠤ ᠤᠷᠤᠰᠬᠠᠵᠤ ᠠᠮᠢ ᠪᠡᠶ᠎ᠡ ᠪᠠᠨ ᠦᠷᠡᠭᠳᠡᠭᠦᠯᠵᠦ ᠪᠠᠶᠢᠭᠠᠳ ᠪᠠᠶᠢᠭᠤᠯᠤᠭᠰᠠᠨ ᠬᠤᠪᠢᠰᠬᠠᠯ ᠤᠨ ᠲᠦᠷᠦ ᠶᠢ ᠰᠠᠶᠢᠲᠤᠷ ᠰᠠᠬᠢᠨ ᠬᠠᠮᠠᠭᠠᠯᠠᠵᠤ᠂ ᠰᠠᠶᠢᠲᠤᠷ ᠪᠦᠳᠦᠭᠡᠨ ᠪᠠᠶᠢᠭᠤᠯᠤᠨ᠎ᠠ︔ ︽ᠲᠠᠯ᠎ᠠ ᠨᠤᠲᠤᠭ ᠤᠨ ᠬᠥᠪᠡᠭᠦᠳ ᠥᠬᠢᠳ ᠤᠨ ᠰᠡᠳᠬᠢᠯ ᠨᠢ ᠨᠠᠮ ᠢᠶᠠᠨ ᠪᠤᠳᠤᠬᠤ︾ ᠬᠤᠪᠢᠰᠬᠠᠯ ᠤᠨ ᠭᠧᠨ ᠢ ᠦᠷᠭᠦᠯᠵᠢᠯᠡᠨ ᠭᠦᠨᠵᠡᠭᠡᠢ ᠤᠢᠢᠯᠠᠭᠠᠨ ᠵᠠᠯᠭᠠᠮᠵᠢᠯᠠᠵᠤ᠂ ᠡᠪ ᠬᠠᠮᠲᠤᠴᠤᠳ ᠤᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠢᠷᠠᠭᠤ ᠠᠯᠳᠠᠷᠲᠤ ᠤᠯᠠᠮᠵᠢᠯᠠᠯ ᠢ ᠵᠠᠯᠭᠠᠮᠵᠢᠯᠠᠵᠤ᠂ ᠪᠦᠬᠦ ᠬᠦᠴᠦᠨ ᠢᠶᠠᠷ ᠢᠶᠠᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠡᠷᠡᠯᠬᠡᠭᠯᠡᠨ ᠲᠡᠮᠡᠴᠡᠬᠦ ᠬᠡᠷᠡᠭᠲᠡᠢ ᠭᠡᠵᠦ ᠢᠯᠡᠳᠭᠡᠵᠡᠭᠡᠪᠡ᠃            ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ        
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号