2022 ᠣᠨ ᠤ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠲᠤᠷᠰᠢᠯᠲᠠ ᠶᠢᠨ ᠲᠣᠭᠤᠷᠢᠭ ᠤᠨ ᠪᠠᠯᠠ ᠮᠥᠩᠭᠦ ᠶᠢ ᠬᠡᠷᠡᠭᠯᠡᠭᠰᠡᠨ ᠪᠠᠶᠢᠳᠠᠯ ᠤᠨ ᠲᠤᠬᠠᠶ ᠢᠦᠶ ᠴᠢᠤᠸᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠠᠯᠪᠠᠨ ᠵᠠᠷ
ᠨᠡᠶᠢᠲᠡᠯᠡᠭᠰᠡᠨ ᠴᠠᠭ᠄
2024/4/7
     ᠢᠦᠶ ᠴᠢᠤᠸᠠᠨ ᠲᠣᠭᠤᠷᠢᠭ ᠤᠨ ᠨᠡᠶᠢᠭᠡᠮ ᠤᠨ ᠠᠵᠢᠯ ᠤᠨ ᠬᠥᠭᠵᠢᠯᠲᠡ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠨᠡᠶᠢᠭᠡᠮ ᠤᠨ ᠠᠵᠢᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠬᠢᠭᠡᠳ ᠬᠤᠲᠠ ᠬᠥᠳᠡᠭᠡ ᠶᠢᠨ ᠨᠡᠶᠢᠭᠡᠮ ᠲᠣᠭᠤᠷᠢᠭ᠂ ᠨᠡᠶᠢᠭᠡᠮ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ᠂ ᠨᠡᠶᠢᠭᠡᠮ ᠤᠨ ᠨᠢᠭᠦᠯᠡᠰᠦᠩᠭᠦᠶ ᠶᠢᠨ ᠡᠬᠢ ᠪᠠᠶᠠᠯᠢᠭ ᠤᠨ ︽ᠲᠠᠪᠤᠨ ᠨᠡᠶᠢᠭᠡᠮ ᠲᠤᠭᠤᠷᠢᠭ ᠬᠤᠯᠪᠣᠭᠠᠯᠠᠨ ᠬᠥᠳᠡᠯᠦᠯᠴᠡᠬᠦ︾ ᠲᠣᠭᠲᠠᠴᠠ ᠶᠢᠨ ᠰᠢᠨ᠎ᠡ ᠶᠢ ᠡᠭᠦᠳᠬᠦ ᠶᠢ ᠳᠦᠯᠬᠢᠨ ᠠᠬᠢᠭᠤᠯᠬᠤ ᠶᠢᠨ ᠲᠦᠯᠦᠭᠡ᠂ 2022 ᠣᠨ ᠳᠤ ᠢᠦᠢ ᠴᠢᠤᠸᠠᠨ ᠲᠣᠭᠤᠷᠢᠭ ᠤᠨ ᠠᠷᠠᠳ ᠤᠨ ᠶᠠᠪᠤᠳᠠᠯ ᠤᠨ  ᠲᠤᠪᠴᠢᠶ᠎ᠠ 2022 ᠣᠨ ᠤ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠨ᠎ᠡ ᠶᠢ ᠡᠭᠦᠳᠬᠦ ᠲᠤᠷᠰᠢᠯᠲᠠ ᠶᠢᠨ ᠲᠣᠭᠤᠷᠢᠭ ᠲᠤ ᠮᠡᠳᠡᠭᠦᠯᠬᠦ ᠶᠢᠨ ᠬᠠᠮᠲᠤ ᠰᠣᠩᠭᠤᠭᠳᠠᠪᠠ᠃ ᠡᠭᠦᠨ ᠢᠶᠠᠷ ᠠᠵᠠ ᠲᠣᠬᠢᠶᠠᠯ ᠪᠣᠯᠭᠠᠵᠤ᠂ ᠢᠦᠢ ᠴᠢᠤᠸᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠤᠪᠴᠢᠶ᠎ᠠ ᠪᠡᠭᠡᠵᠢᠩ ᠤᠨ ᠲᠦᠩ ᠾᠧ ᠠᠵᠢᠯ ᠲᠦᠷᠦᠯ ᠤᠨ ᠪᠦᠳᠦᠭᠡᠨ ᠪᠠᠶᠢᠭᠤᠯᠤᠯᠲᠠ ᠶᠢᠨ ᠵᠥᠪᠯᠡᠭᠴᠢ ᠶᠢᠨ ᠦᠢᠯᠡᠴᠢᠯᠡᠭᠡᠨ ᠤ ᠲᠥᠪ ᠤᠨ ᠲᠦᠷᠦᠯ ᠵᠦᠢᠯ ᠤᠨ ᠪᠦᠯᠬᠦᠮ ᠲᠠᠢ ᠬᠠᠮᠢᠶ᠎ᠠ ᠪᠦᠬᠦᠢ ᠭᠤᠣᠯᠳᠠᠯᠭ᠎ᠠ ᠲᠠᠢ ᠠᠵᠢᠯ ᠤᠨ ᠬᠠᠮᠲᠤᠷᠠᠯᠴᠠᠭ᠎ᠠ ᠥᠷᠨᠢᠭᠦᠯᠵᠦ᠂ ︽ᠢᠦᠢ ᠴᠢᠤᠸᠠᠨ ᠲᠣᠭᠤᠷᠢᠭ ᠤᠨ ᠬᠢᠨ ᠨᠡᠶᠢᠭᠡᠮ ᠤᠨ ᠬᠦᠴᠦᠨ ᠢ ᠳᠠᠶᠢᠴᠢᠯᠠᠨ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠠᠵᠢᠯᠯᠠᠭᠠᠨ ᠤ ᠲᠥᠯᠥᠪᠯᠡᠭᠡ ᠶᠢᠨ ᠬᠤᠳᠠᠯᠳᠤᠨ ᠠᠪᠬᠤ ᠲᠦᠷᠦᠯ ᠵᠦᠢᠯ ᠳᠤ ᠣᠷᠣᠯᠴᠠᠭᠤᠯᠬᠤ︾ ᠶᠢ ᠪᠦᠷᠢᠯᠳᠦᠭᠦᠯᠵᠡᠢ᠃ ᠲᠦᠷᠦᠯ ᠵᠦᠢᠯ ᠳᠤ ᠨᠡᠶᠢᠲᠡ 539731 ᠲᠥᠭᠦᠷᠢᠭ ᠤᠨ ᠵᠣᠭᠤᠰ ᠤᠨ ᠲᠤᠭ᠎ᠠ ᠲᠠᠢ᠃ ᠭᠡᠷ᠎ᠡ ᠶᠢᠨ ᠪᠣᠯᠵᠣᠯ ᠶᠣᠰᠣᠭᠠᠷ᠂ 2023 ᠣᠨ ᠤ 4 ᠳ᠋ᠤᠭᠡᠷ ᠰᠠᠷ᠎ᠠ ᠶᠢᠨ 17 ᠤ ᠡᠳᠦᠷ ᠠᠩᠬᠠᠨ ᠤ ᠪᠡᠯᠡ ᠮᠥᠩᠭᠦ 215892.4 ᠲᠥᠭᠦᠷᠢᠭ ︵ᠲᠦᠷᠦᠯ ᠵᠦᠢᠯ ᠤᠨ ᠬᠠᠮᠲᠤᠷᠠᠯᠴᠠᠭᠠᠨ ᠤ ᠵᠣᠭᠤᠰ ᠤᠨ 40%︶ ᠢ ᠰᠠᠯᠭᠠᠨ ᠥᠭᠴᠦ᠂ 2023 ᠣᠨ ᠤ 10 ᠳ᠋ᠤᠭᠠᠷ ᠰᠠᠷ᠎ᠠ ᠶᠢᠨ 7 ᠤ ᠡᠳᠦᠷ ᠬᠤᠶᠠᠳᠤᠭᠠᠷ ᠪᠦᠯᠦᠭ ᠤᠨ ᠪᠡᠯᠡ ᠮᠥᠩᠭᠦ 161919.3 ᠲᠥᠭᠦᠷᠢᠭ ︵ᠲᠦᠷᠦᠯ ᠵᠦᠢᠯ ᠤᠨ ᠬᠠᠮᠲᠤᠷᠠᠯᠴᠠᠭᠠᠨ ᠤ ᠵᠣᠭᠤᠰ ᠤᠨ 30%︶ ᠢ ᠰᠠᠯᠭᠠᠨ ᠥᠭᠬᠦ ᠪᠠᠷ ᠭᠤᠶᠤᠴᠢᠯᠠᠵᠠᠢ᠃ ᠣᠳᠣ ᠲᠤᠰ ᠲᠥᠷᠥᠯ ᠵᠦᠢᠯ ᠢ ᠨᠢᠭᠡᠨᠲᠡ ᠳᠠᠭᠤᠰᠬᠠᠵᠤ᠂ ︽2022 ᠣᠨ ᠤ ᠪᠥᠬᠦ ᠣᠷᠣᠨ ᠤ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠨ᠎ᠡ ᠶᠢ ᠡᠭᠦᠳᠬᠦ ᠲᠤᠷᠰᠢᠯᠲᠠ ᠶᠢᠨ ᠲᠣᠭᠤᠷᠢᠭ ᠤᠨ ᠲᠥᠷᠥᠯ ᠵᠦᠢᠯ ᠢ ᠳ᠋ᠦᠩᠨᠡᠨ ᠰᠢᠯᠭᠠᠨ ᠠᠪᠬᠤ᠂ 2023 ᠣᠨ ᠤ ︿2121﹀ ᠢᠨᠵᠧᠨᠧᠷᠢᠩ ᠤᠨ ᠲᠥᠷᠥᠯ ᠵᠦᠢᠯ ᠢ ᠳ᠋ᠦᠩᠨᠡᠨ ᠰᠢᠯᠭᠠᠨ ᠠᠪᠬᠤ ᠪᠠ ᠳᠤᠮᠳᠠ ᠬᠤᠭᠤᠴᠠᠭᠠᠨ ᠤ ᠦᠨᠡᠯᠡᠨ ᠵᠢᠱᠢᠭᠰᠡᠨ ᠦᠷ᠎ᠡ ᠳ᠋ᠦᠩ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠡᠳᠡᠭᠳᠡᠯ︾ ᠢ ᠦᠨᠳᠦᠰᠦᠯᠡᠨ᠂ 2023 ᠣᠨ ᠤ 12 ᠳ᠋ᠤᠭᠠᠷ ᠰᠠᠷ᠎ᠠ ᠶᠢᠨ 15 ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠰᠢᠯᠭᠠᠨ ᠠᠪᠬᠤ ᠳᠤᠭᠤᠶᠢᠯᠠᠩ ᠤᠨ ᠰᠢᠯᠭᠠᠨ ᠠᠪᠬᠤ ᠲᠥᠷᠥᠯ ᠵᠦᠢᠯ ᠢ ᠳ᠋ᠦᠩᠨᠡᠨ ᠦᠨᠡᠯᠡᠨ ᠵᠢᠱᠢᠭᠰᠡᠨ ᠦᠷ᠎ᠡ ᠳ᠋ᠦᠩ ᠨᠢ ᠬᠢᠷᠢ ᠲᠡᠩᠴᠡᠭᠰᠡᠨ ᠪᠠᠶᠢᠵᠤ᠂ ᠲᠥᠷᠥᠯ ᠵᠦᠢᠯ ᠤᠨ ᠦᠯᠡᠳᠡᠭᠳᠡᠯ ᠵᠣᠭᠤᠰ ᠢ ᠰᠠᠯᠭᠠᠨ ᠥᠭᠬᠦ ᠶᠢ ᠭᠤᠶᠤᠴᠢᠯᠠᠵᠤ᠂ ᠨᠡᠶᠢᠲᠡ 161919.3 ᠲᠥᠭᠦᠷᠢᠭ ︵ᠲᠥᠷᠥᠯ ᠵᠦᠢᠯ ᠤᠨ ᠬᠠᠮᠲᠤᠷᠠᠯᠴᠠᠭᠠᠨ ᠤ ᠵᠣᠭᠤᠰ ᠤᠨ 30%︶ ᠪᠠᠶᠢᠵᠤ᠂ ᠡᠳᠦᠭᠡ ᠬᠠᠮᠢᠶ᠎ᠠ ᠪᠥᠬᠦᠶ ᠪᠠᠶᠢᠳᠠᠯ ᠢ ᠢᠯᠡ ᠨᠡᠶᠢᠲᠡᠯᠡᠶ᠎ᠡ᠃      ᠵᠠᠷᠯᠠᠨ ᠨᠡᠶᠢᠲᠡᠯᠡᠬᠦ ᠡᠳᠦᠷ ᠬᠤᠭᠤᠴᠠᠭ᠎ᠠ᠄ 2024 ᠣᠨ ᠤ 4 ᠳ᠋ᠤᠭᠡᠷ ᠰᠠᠷ᠎ᠠ ᠶᠢᠨ 7 ᠤ ᠡᠳᠦᠷ — 2024 ᠣᠨ ᠤ 4 ᠳ᠋ᠤᠭᠡᠷ ᠰᠠᠷ᠎ᠠ ᠶᠢᠨ 15 ᠤ ᠡᠳᠦᠷ      ᠬᠢᠨᠠᠯᠲᠠ ᠲᠠᠯᠪᠢᠬᠤ ᠤᠲᠠᠰᠤ᠄ 0471 — 5686425      ᠡᠭᠦᠨ ᠤ ᠲᠤᠯᠠ ᠣᠨᠴᠠᠭᠠᠶᠢᠯᠠᠨ ᠵᠠᠷᠯᠠᠪᠠ᠃            ᠢᠦᠢ ᠴᠢᠤᠸᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ                      2024 ᠣᠨ ᠤ 4 ᠳ᠋ᠤᠭᠡᠷ ᠰᠠᠷ᠎ᠠ ᠶᠢᠨ 2 ᠤᠨ ᠡᠳᠦᠷ         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号