ᠢᠦᠶ ᠴᠢᠤᠸᠠᠨ ᠲᠣᠭᠤᠷᠢᠭ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠠᠮᠲᠤᠷᠠᠭᠰᠠᠨ ᠬᠤᠷᠠᠯ ᠵᠢᠴᠢ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠪᠣᠯᠪᠠᠰᠤᠷᠠᠭᠤᠯᠤᠯ ᠶᠠᠪᠤᠭᠳᠠᠪᠠ
ᠨᠡᠶᠢᠲᠡᠯᠡᠭᠰᠡᠨ ᠴᠠᠭ᠄
2024/4/8
     ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠰᠠᠯᠠᠭ᠎ᠠ ᠮᠥᠴᠢᠷ ᠤᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠠᠮᠲᠤᠷᠠᠭᠰᠠᠨ ᠬᠤᠷᠠᠯ ᠵᠢᠴᠢ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠪᠣᠯᠪᠠᠰᠤᠷᠠᠭᠤᠯᠤᠯ ᠤᠨ ᠬᠤᠷᠠᠯ ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠶᠠᠪᠤᠭᠳᠠᠪᠠ᠃
     ᠲᠤᠬᠠᠶ ᠶᠢᠨ ᠲᠠᠯᠠᠪᠤᠷ ᠲᠤ 2024 ᠣᠨ ᠤ ᠢᠦᠶ ᠴᠢᠤᠸᠠᠨ ᠲᠣᠭᠤᠷᠢᠭ ᠤᠨ ᠰᠠᠯᠠᠭ᠎ᠠ ᠮᠥᠴᠢᠷ ᠬᠠᠮᠲᠤᠷᠠᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠨ ᠬᠠᠮᠢᠶᠠᠷᠬᠤ ᠠᠵᠢᠯ ᠤᠨ ᠲᠥᠰᠦᠯ ᠢ ᠤᠩᠰᠢᠨ ᠨᠡᠶᠢᠲᠡᠯᠡᠭᠰᠡᠨ ᠪᠥᠭᠡᠳ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠤᠨ ᠬᠢᠨᠠᠨ ᠬᠠᠮᠢᠶᠠᠷᠬᠤ ᠲᠠᠪᠴᠠᠩ ᠤᠨ ᠠᠵᠢᠯᠯᠠᠭᠠᠨ ᠤ ᠲᠤᠬᠠᠶᠢᠯᠠᠭᠰᠠᠨ ᠠᠵᠢᠯ ᠳᠤ ᠲᠤᠬᠠᠶ ᠶᠢᠨ ᠲᠠᠯᠠᠪᠤᠷ ᠤᠨ ᠪᠣᠯᠪᠠᠰᠤᠷᠠᠭᠤᠯᠤᠯ ᠬᠢᠭᠰᠡᠨ ᠪᠠᠶᠢᠨ᠎ᠠ᠃
     ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠠᠵᠢᠯ ᠨᠢ ᠪᠥᠬᠦ ᠲᠤᠭᠤᠷᠢᠭ ᠤᠨ 20 ᠭᠠᠷᠤᠶ ᠰᠠᠯᠠᠭ᠎ᠠ ᠮᠥᠴᠢᠷ ᠲᠤ ᠬᠤᠯᠪᠣᠭᠳᠠᠵᠤ᠂ ᠲᠥᠪ ᠭᠤᠤᠯᠴᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠨᠦᠬᠦᠴᠡᠯ ᠪᠠ ᠬᠠᠤᠯᠢ ᠳᠦᠷᠢᠮᠵᠢᠭᠦᠯᠬᠦ᠂ ᠳᠥᠭᠦᠮᠴᠢᠯᠡᠬᠦ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠪᠣᠶ ᠪᠣᠯᠭᠠᠬᠤ ᠨᠢᠭᠡ ᠵᠦᠢᠯ ᠤᠨ ᠴᠢᠬᠤᠯᠠ ᠠᠵᠢᠯ ᠪᠣᠯᠤᠨ᠎ᠠ᠃ ᠰᠠᠯᠠᠭ᠎ᠠ ᠮᠥᠴᠢᠷ ᠤᠳ ᠬᠠᠮᠲᠤᠷᠠᠨ ᠰᠤᠭᠤᠴᠢᠨ ᠪᠠᠶᠢᠴᠠᠭᠠᠬᠤ ᠠᠵᠢᠯ ᠨᠢ ᠬᠠᠤᠯᠢ ᠶᠣᠰᠣᠭᠠᠷ ᠬᠢᠨᠠᠨ ᠬᠠᠮᠢᠶᠠᠷᠬᠤ᠂ ᠢᠯᠡ ᠲᠣᠳᠣ ᠲᠥᠪ ᠭᠤᠤᠯᠴᠢ᠂ ᠬᠠᠮᠵᠢᠯᠴᠠᠨ ᠥᠨᠳᠥᠷ ᠦᠷ᠎ᠡ ᠪᠦᠲᠦᠮᠵᠢᠲᠡᠶ᠂ ᠬᠠᠷᠢᠯᠴᠠᠨ ᠥᠯᠥ ᠠᠭᠤᠰᠤᠯᠴᠠᠬᠤ ᠵᠠᠷᠴᠢᠮ ᠢ ᠵᠢᠷᠤᠮᠯᠠᠨ᠎ᠠ᠃ ᠪᠣᠯᠪᠠᠰᠤᠷᠠᠭᠤᠯᠤᠯ ᠤᠨ ᠶᠠᠪᠤᠴᠠ ᠳᠤ᠂ ᠲᠤᠰᠬᠠᠶ ᠮᠡᠷᠭᠡᠵᠢᠯ ᠤᠨ ᠠᠵᠢᠯᠲᠠᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠠᠵᠢᠯ ᠢ ᠬᠡᠷᠬᠢᠨ ᠳᠥᠯᠭᠢᠨ ᠠᠬᠢᠭᠤᠯᠬᠤ᠂ ᠠᠵᠢᠯ ᠢ ᠳᠥᠯᠭᠢᠨ ᠠᠬᠢᠭᠤᠯᠬᠤ ᠶᠠᠪᠤᠴᠠ ᠳᠤ ᠪᠠᠶᠢᠩᠭᠤ ᠲᠣᠬᠢᠶᠠᠯᠳᠤᠬᠤ ᠠᠰᠠᠭᠤᠳᠠᠯ᠂ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠢᠯᠡ ᠨᠡᠶᠢᠲᠡᠯᠡᠬᠦ ᠰᠢᠰᠲ᠋ᠧᠮ ᠤᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠬᠡᠷᠬᠢᠨ ᠠᠵᠢᠯᠯᠠᠭᠤᠯᠬᠤ ᠵᠡᠷᠭᠡ ᠲᠠᠯ᠎ᠠ ᠪᠠᠷ ᠭᠦᠨᠵᠡᠭᠡᠶ ᠲᠠᠶᠢᠯᠤᠮᠵᠢ ᠬᠢᠪᠠ᠃      ᠬᠤᠷᠠᠯ ᠳᠤ ᠣᠷᠣᠯᠴᠠᠭᠰᠠᠨ ᠡᠯ᠎ᠡ ᠨᠢᠭᠡᠴᠢ ᠶᠢᠨ ᠠᠵᠢᠯᠲᠠᠳ ᠨᠠᠷᠢᠨ ᠬᠢᠨᠠᠮᠠᠭᠠᠶ ᠲᠡᠮᠳᠡᠭᠯᠡᠯ ᠬᠢᠭᠰᠡᠨ ᠪᠥᠭᠡᠳ ᠪᠣᠳᠠᠲᠠᠶ ᠠᠵᠢᠯ ᠤᠨ ᠳᠤᠮᠳᠠ ᠲᠣᠬᠢᠶᠠᠯᠳᠤᠵᠤ ᠮᠡᠳᠡᠬᠦ ᠠᠰᠠᠭᠤᠳᠠᠯ ᠤᠨ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠨ ᠶᠠᠷᠢᠯᠴᠠᠪᠠ᠃ ᠡᠯ᠎ᠡ ᠰᠠᠯᠠᠭ᠎ᠠ ᠮᠥᠴᠢᠷ ᠤᠨ ᠬᠢᠨ ᠬᠠᠮᠲᠤᠷᠠᠨ ᠪᠠᠶᠢᠴᠠᠭᠠᠬᠤ ᠡᠭᠦᠷᠭᠡ ᠶᠢᠨ ᠶᠣᠰᠣᠭᠠᠷ᠂ ᠬᠠᠮᠵᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ︽ᠬᠡᠨ ᠪᠠᠶᠢᠴᠠᠭᠠᠪᠠᠯ ᠬᠡᠨ ᠣᠷᠣᠭᠤᠯᠵᠤ᠂ ᠬᠡᠨ ᠢᠯᠡ ᠪᠣᠯᠭᠠᠬᠤ︾ ᠵᠠᠷᠴᠢᠮ ᠶᠣᠰᠣᠭᠠᠷ᠂ ᠴᠠᠭ ᠲᠤᠬᠠᠶ ᠳᠤᠨᠢ ᠰᠤᠭᠤᠴᠢᠨ ᠪᠠᠶᠢᠴᠠᠭᠠᠬᠤ ᠶᠢᠨ ᠬᠠᠮᠲᠤ ᠦᠷ᠎ᠡ ᠳ᠋ᠦᠩ ᠢᠶᠠᠨ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠳᠤ ᠢᠯᠡ ᠨᠡᠶᠢᠲᠡᠯᠡᠵᠦ᠂ ᠪᠢᠲᠡᠭᠦᠦ ᠬᠢᠨᠠᠨ ᠬᠠᠮᠢᠶᠠᠷᠤᠯᠲᠠ ᠶᠢ ᠪᠣᠶ ᠪᠣᠯᠭᠠᠵᠤ᠂ ᠣᠨ ᠤ ᠡᠭᠦᠷᠭᠡ ᠪᠠᠨ ᠤᠷᠢᠳᠴᠢᠯᠠᠨ ᠴᠢᠨᠠᠷ ᠢ ᠪᠠᠲᠤᠯᠠᠨ ᠪᠡᠶᠡᠯᠡᠭᠦᠯᠬᠦ ᠪᠠᠷ ᠴᠢᠷᠮᠠᠶᠢᠨ᠎ᠠ ᠭᠡᠵᠦ ᠢᠯᠡᠷᠬᠡᠶᠢᠯᠡᠪᠡ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号