︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠶᠢ ᠵᠤᠤ ᠵᠢᠶᠦ᠋ᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠤᠷᠤᠭᠤᠯᠪᠠ
ᠨᠡᠶᠢᠲᠡᠯᠡᠭᠰᠡᠨ ᠴᠠᠭ᠄
2024/4/8
     ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠠᠴᠢ ᠬᠠᠷᠢᠭᠤᠯᠠᠬᠤ ᠰᠡᠳᠬᠢᠯ ᠪᠣᠯᠤᠨ ᠡᠷᠡᠯᠬᠡᠭᠯᠡᠨ ᠤᠷᠤᠭᠰᠢᠯᠠᠬᠤ ᠵᠣᠷᠢᠭ ᠢᠶᠠᠷ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠶᠢᠨ ᠲᠦᠯᠦᠭᠡ᠂ ᠤᠢᠢᠷ᠎ᠠ ᠳᠤ᠂ ᠢᠦᠢ ᠴᠢᠤᠸᠠᠨ ᠲᠣᠭᠤᠷᠢᠭ ᠤᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠢᠦᠢ ᠴᠢᠤᠸᠠᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠤᠪᠴᠢᠶ᠎ᠠ ᠶᠢᠨ ᠳᠠᠷᠤᠭ᠎ᠠ ᠳ᠋ᠦ᠋ ᠶᠢᠩ ᠬᠤᠸᠠ ᠢᠦᠢ ᠴᠢᠤᠸᠠᠨ ᠲᠣᠭᠤᠷᠢᠭ ᠤᠨ ᠵᠤᠤ ᠵᠢᠶᠦ᠋ᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠵᠡᠢ᠃
     ︽ᠵᠢᠷᠭᠤᠭᠠᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠤᠬᠠᠭᠤᠯᠤᠨ ᠲᠠᠶᠢᠯᠪᠤᠷᠢᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷ᠎ᠡ ᠪᠠᠷ ᠬᠡᠯᠡᠪᠡᠯ ᠥᠪᠥᠷ ᠮᠣᠩᠭᠤᠯ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠡᠷᠲᠡ ᠨᠠᠮ ᠤᠨ ᠵᠣᠬᠢᠶᠠᠨ ᠪᠠᠶᠢᠭᠤᠯᠤᠯᠲᠠ ᠪᠠᠶᠢᠭᠤᠯᠤᠭᠰᠠᠨ ᠦᠨᠳᠦᠰᠦᠲᠡᠨ ᠤ ᠣᠷᠣᠨ ᠪᠣᠯᠤᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠭᠤᠳ ᠤᠳᠤᠷᠢᠳᠤᠯᠭ᠎ᠠ ᠳᠣᠣᠷ᠎ᠠ ᠪᠠᠶᠢᠭᠤᠯᠤᠭᠳᠠᠭᠰᠠᠨ ᠶᠤᠮ᠂ ᠥᠪᠥᠷ ᠮᠣᠩᠭᠤᠯ ᠪᠣᠯ ᠨᠠᠮ ᠤᠨ ᠲᠥᠪ ᠬᠤᠷᠢᠶᠠᠨ ᠤ ᠳᠡᠮᠵᠢᠯᠭᠡ ᠳᠣᠣᠷ᠎ᠠ ᠬᠥᠭᠵᠢᠵᠦ ᠢᠷᠡᠭᠰᠡᠨ ᠶᠤᠮ᠂ ᠥᠪᠥᠷ ᠮᠣᠩᠭᠤᠯ ᠤᠨ ᠠᠵᠢᠯ ᠤᠨ ᠳᠤᠮᠳᠠ ᠭᠠᠷᠤᠭᠰᠠᠨ ᠠᠯᠳᠠᠭ᠎ᠠ ᠶᠢ ᠴᠥᠮ ᠨᠠᠮ ᠤᠨ ᠲᠥᠪ ᠬᠤᠷᠢᠶ᠎ᠠ ᠬᠠᠪᠰᠤᠷᠤᠨ ᠵᠠᠯᠠᠷᠠᠭᠤᠯᠤᠭᠰᠠᠨ ᠶᠤᠮ᠂ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠮᠵᠢᠯᠲᠠ ᠶᠢ ᠪᠣᠯ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ ᠵᠢᠯᠤᠭᠤᠳᠤᠯᠭ᠎ᠠ ᠳᠣᠣᠷ᠎ᠠ ᠣᠯᠤᠭᠰᠠᠨ ᠶᠤᠮ᠂ ᠥᠪᠥᠷ ᠮᠣᠩᠭᠤᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠪᠣᠯᠤᠭᠰᠠᠨ ᠤ ᠬᠤᠪᠢ ᠳᠤ ᠵᠢᠱᠢᠶᠡᠴᠢ ᠪᠣᠯᠤᠭᠰᠠᠨ ᠨᠢ ᠨᠠᠮ ᠤᠨ ᠦᠭᠡ ᠶᠢ ᠰᠤᠨᠤᠰᠬᠤ ᠳᠤ ᠪᠠᠶᠢᠳᠠᠭ ᠶᠤᠮ᠃ ᠤᠬᠠᠭᠤᠯᠤᠨ ᠲᠠᠶᠢᠯᠪᠤᠷᠢᠯᠠᠬᠤ ᠶᠠᠪᠤᠴᠠ ᠳᠤ᠂ ᠲᠣᠪᠴᠢᠶᠠᠨ ᠳᠠᠷᠤᠭ᠎ᠠ ᠳ᠋ᠦ᠋ ᠶᠢᠩ ᠬᠤᠸᠠ ︽ᠵᠢᠷᠭᠤᠭᠠᠨ ᠦᠭᠦᠯᠡᠪᠦᠷᠢ︾ ᠶᠢᠨ ᠢᠷᠡᠯᠲᠡ ᠵᠢᠴᠢ ᠲᠡᠭᠦᠨ ᠤ ᠳᠣᠲᠣᠷ᠎ᠠ ᠠᠭᠤᠯᠤᠭᠳᠠᠵᠤ ᠪᠠᠶᠢᠭ᠎ᠠ ᠪᠣᠳᠠᠲᠤ ᠶᠠᠪᠤᠳᠠᠯ ᠪᠠ ᠶᠣᠰᠣ ᠤᠴᠢᠷ ᠤᠨ ᠲᠤᠬᠠᠶ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠯᠲᠠ ᠬᠢᠵᠦ᠂ ᠨᠠᠮ ᠤᠨ ᠭᠡᠰᠢᠭᠦᠨ ᠺᠠᠳ᠋ᠷ ᠪᠠ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ︽ᠵᠢᠷᠭᠤᠭᠠᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠢ ᠲᠠᠨᠢᠭᠤᠯᠵᠤ᠂ ᠣᠶᠢᠯᠠᠭᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠢᠯᠡ ᠳᠦᠷᠦᠭᠳᠡᠯ ᠲᠠᠢ ᠪᠦᠲᠦᠮᠵᠢᠲᠡᠢ ᠪᠤᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ ᠢ ᠰᠠᠶᠢᠲᠤᠷ ᠶᠠᠷᠢᠭᠤᠯᠵᠤ᠂ ᠤᠨᠤᠯ ᠤᠨ ᠦᠨᠳᠦᠷᠴᠡ ᠲᠠᠢ ᠮᠥᠷᠲᠡᠭᠡᠨ ᠦᠢᠯᠡᠳᠦᠯᠭᠡ ᠶᠢᠨ ᠭᠦᠨᠴᠡ ᠲᠠᠢ ᠪᠣᠯᠭᠠᠵᠤ᠂ ᠤᠯᠠᠨ ᠳᠤ ᠶᠡᠭᠡ ᠠᠰᠢᠭ ᠬᠦᠷᠲᠡᠭᠡᠭᠰᠡᠨ ᠪᠠᠶᠢᠨ᠎ᠠ᠃
     ᠤᠬᠠᠭᠤᠯᠤᠨ ᠲᠠᠶᠢᠯᠪᠤᠷᠢᠯᠠᠵᠤ ᠳᠠᠭᠤᠰᠤᠭᠰᠠᠨ ᠤ ᠳᠠᠷᠠᠭ᠎ᠠ᠂ ᠤᠯᠠᠨ ᠢᠶᠠᠷ ᠢᠶᠠᠨ ︽ᠵᠢᠷᠭᠤᠭᠠᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠣᠯᠤᠨ ᠶᠣᠰᠣ ᠤᠴᠢᠷ ᠢ ᠭᠦᠨᠵᠡᠭᠡᠢ ᠤᠢᠢᠯᠠᠭᠠᠨ ᠡᠵᠡᠮᠰᠢᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠪᠣᠯᠤᠨ ᠬᠦᠰᠡᠯ ᠨᠠᠶᠢᠳᠠᠯᠭ᠎ᠠ ᠶᠢ ᠭᠦᠨᠵᠡᠭᠡᠢ ᠤᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠵᠡᠭᠡᠯᠢ ᠭᠤᠳᠤᠮᠵᠢ ᠶᠢᠨ ᠠᠵᠢᠯ ᠤᠨ ᠪᠣᠳᠠᠲᠠᠢ ᠲᠠᠢ ᠤᠶᠠᠯᠳᠤᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠭᠡᠵᠡᠭᠡᠪᠡ᠃         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号