ᠰᠢᠶᠠᠩ ᠾᠧ ᠶᠤᠸᠠᠨ ᠨᠡᠶᠢᠭᠡᠮ ᠲᠣᠭᠤᠷᠢᠭ ᠤᠨ ᠨᠠᠮ ᠤᠨ ᠡᠭᠦᠷ ᠤᠯᠠᠭᠠᠨᠬᠦᠦ ᠶᠢᠨ ᠳᠤᠷᠠᠰᠬᠠᠯ ᠤᠨ ᠣᠷᠳᠣᠨ ᠳᠤ ᠬᠦᠷᠴᠦ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/9
     ᠤᠢᠢᠷ᠎ᠠ ᠶᠢᠨ ᠡᠳᠦᠷ᠂ ᠰᠢᠶᠠᠩ ᠾᠧ ᠶᠤᠸᠠᠨ ᠨᠡᠶᠢᠭᠡᠮ ᠲᠣᠭᠤᠷᠢᠭ ᠤᠨ ᠨᠠᠮ ᠤᠨ ᠡᠭᠦᠷ ᠨᠠᠮ ᠤᠨ ᠡᠭᠦᠷ ᠤᠨ ᠪᠦᠬᠦ ᠨᠠᠮ ᠤᠨ ᠭᠡᠰᠢᠭᠦᠳ ᠢ ᠵᠣᠬᠢᠶᠠᠨ ᠪᠠᠶᠢᠭᠤᠯᠤᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠤᠯᠠᠭᠠᠨᠬᠦᠦ ᠶᠢᠨ ᠳᠤᠷᠠᠰᠬᠠᠯ ᠤᠨ ᠣᠷᠳᠣᠨ ᠢ ᠬᠠᠮᠲᠤ ᠪᠠᠷ ᠲᠣᠭᠤᠷᠢᠨ ᠦᠵᠡᠵᠦ᠂ ᠬᠤᠪᠢᠰᠬᠠᠯ ᠤᠨ ᠲᠡᠦᠬᠡ ᠶᠢ ᠲᠠᠬᠢᠨ ᠡᠷᠭᠢᠴᠡᠭᠦᠯᠵᠦ᠂ ᠦᠯᠢᠭᠡᠷ ᠳᠠᠭᠤᠷᠢᠶᠠᠯ ᠤᠨ ᠵᠣᠷᠢᠭ ᠰᠠᠨᠠᠭ᠎ᠠ ᠶᠢ ᠰᠤᠷᠤᠯᠴᠠᠵᠤ᠂ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠢ ᠰᠢᠩᠭᠡᠭᠡᠨ ᠠᠪᠤᠪᠠ᠃
     ᠪᠦᠬᠦ ᠨᠠᠮ ᠤᠨ ᠭᠡᠰᠢᠭᠦᠳ ᠪᠢᠰᠢᠷᠡᠨ ᠬᠦᠨᠳᠦᠳᠬᠡᠬᠦ ᠰᠡᠳᠬᠢᠯᠭᠡ ᠪᠠᠷ ᠳᠤᠷᠠᠰᠬᠠᠯ ᠤᠨ ᠣᠷᠳᠣᠨ ᠳᠤ ᠣᠷᠣᠵᠤ᠂ ᠲᠠᠶᠢᠯᠪᠤᠷᠢᠯᠠᠭᠴᠢ ᠶᠢᠨ ᠲᠠᠶᠢᠯᠪᠤᠷᠢᠯᠠᠬᠤ ᠶᠢ ᠳᠠᠭᠠᠯᠳᠤᠨ᠂ ᠠᠮᠢᠳᠤᠯᠢᠭ ᠰᠠᠶᠢᠬᠠᠨ ᠲᠡᠦᠬᠡ ᠶᠢᠨ ᠭᠡᠷᠡᠯ ᠵᠢᠷᠤᠭ ᠤᠳ ᠢᠶᠠᠷ ᠳᠠᠮᠵᠢᠭᠤᠯᠤᠨ᠂ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯ ᠤᠳ ᠤᠯᠠᠭᠠᠨᠬᠦᠦ ᠨᠥᠬᠦᠷ ᠤᠨ ᠵᠠᠯᠠᠭᠤ ᠨᠠᠰᠤᠨ ᠠᠴᠠ ᠪᠠᠨ ᠲᠡᠷᠢᠭᠦᠨ ᠤ ᠦᠵᠡᠯ ᠰᠠᠨᠠᠭ᠎ᠠ ᠶᠢ ᠰᠤᠷᠤᠯᠴᠠᠵᠤ᠂ ᠬᠤᠪᠢᠰᠬᠠᠯ ᠳᠤ ᠣᠷᠣᠯᠴᠠᠬᠤ ᠪᠠᠷ ᠵᠣᠷᠢᠭ ᠰᠢᠭᠤᠳᠴᠤ᠂ ᠤᠯᠤᠰ ᠣᠷᠣᠨ ᠤ ᠪᠠᠨ ᠲᠥᠯᠥᠭᠡ ᠵᠢᠳᠬᠦᠵᠦ᠂ ᠦᠨᠡᠨ ᠰᠡᠳᠬᠢᠯ ᠠᠴᠠ ᠪᠠᠨ ᠵᠢᠳᠬᠦᠭᠰᠡᠨ ᠨᠢᠭᠡ ᠨᠠᠰᠤ ᠶᠢ ᠣᠯᠠᠨ ᠳᠤ ᠪᠦᠬᠦ ᠲᠠᠯ᠎ᠠ ᠪᠠᠷ ᠣᠶᠢᠯᠠᠭᠠᠭᠤᠯᠵᠤ᠂ ᠰᠢᠨ᠎ᠡ ᠳᠤᠮᠳᠠᠳᠤ ᠤᠯᠤᠰ ᠤᠨ ᠬᠤᠪᠢᠰᠬᠠᠯ ᠤᠨ ᠲᠡᠦᠬᠡᠨ ᠳᠤ ᠠᠯᠤᠰ ᠬᠡᠳᠦ ᠶᠢᠨ ᠨᠥᠯᠥᠭᠡ ᠦᠵᠡᠭᠦᠯᠦᠭᠰᠡᠨ ᠴᠢᠬᠤᠯᠠ ᠶᠡᠭᠡ ᠲᠡᠦᠬᠡ ᠶᠢᠨ ᠬᠡᠰᠡᠭ ᠪᠤᠰᠠᠭ ᠪᠠ ᠠᠷᠠᠳ ᠤᠯᠠᠨ ᠤ ᠲᠥᠯᠥᠭᠡ ᠠᠮᠢ ᠪᠡᠶ᠎ᠡ ᠪᠠᠨ ᠦᠷᠡᠭᠳᠡᠭᠦᠯᠦᠨ ᠲᠡᠮᠡᠴᠡᠭᠰᠡᠨ ᠬᠥᠮᠦᠰ ᠤᠨ ᠰᠡᠳᠬᠢᠯ ᠢ ᠬᠥᠳᠡᠯᠭᠡᠮ᠎ᠡ ᠦᠢᠯᠡ ᠠᠵᠢᠯᠯᠠᠭ᠎ᠠ ᠨᠤᠭᠤᠳ ᠢ ᠲᠠᠬᠢᠨ ᠡᠷᠭᠢᠴᠡᠭᠦᠯᠵᠦ᠂ ᠠᠵᠢᠯᠯᠠᠭ᠎ᠠ ᠳᠤ ᠣᠷᠣᠯᠴᠠᠭᠰᠠᠨ ᠨᠠᠮ ᠤᠨ ᠭᠡᠰᠢᠭᠦᠳ ᠨᠢᠭᠡ ᠤᠳᠠᠭ᠎ᠠ ᠶᠢᠨ ᠭᠦᠨ ᠭᠦᠨᠵᠡᠭᠡᠢ ᠤᠶᠤᠨ ᠰᠠᠨᠠᠭᠠᠨ ᠤ ᠤᠬᠢᠶᠠᠯ ᠬᠦᠷᠳᠡᠭᠰᠡᠨ ᠪᠠᠶᠢᠨ᠎ᠠ᠃
     ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠰᠢᠶᠠᠩ ᠾᠧ ᠶᠤᠸᠠᠨ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠪᠥᠬᠦ ᠨᠠᠮ ᠤᠨ ᠭᠡᠰᠢᠭᠦᠳ ᠬᠦᠰᠡᠯᠡᠩ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠠᠷᠠᠯᠲᠠ ᠬᠥᠭᠡᠭᠡᠴᠡᠯᠳᠦᠯ ᠢᠶᠠᠨ ᠪᠠᠷᠢᠮᠲᠠᠯᠠᠨ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠵᠦ᠂ ᠨᠡᠶᠢᠭᠡᠮ ᠲᠣᠭᠤᠷᠢᠭ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠵᠣᠷᠢᠯᠲᠠ ᠶᠢᠨ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ︽ᠲᠡᠰᠪᠦᠷᠢ ᠬᠠᠲᠠᠭᠤᠵᠢᠯᠲᠠᠶ ᠪᠠᠷ ᠠᠳᠠᠯ ᠦᠢᠯᠡᠰ ᠴᠣᠭᠴᠠᠯᠠᠬᠤ᠂ ᠵᠣᠷᠢᠭᠲᠠᠶ ᠪᠠᠷ ᠰᠢᠨ᠎ᠡ ᠶᠢ ᠡᠭᠦᠳᠬᠦ᠂ ᠪᠦᠯᠬᠦᠮᠳᠡᠨ ᠬᠠᠮᠵᠢᠯᠴᠠᠬᠤ᠂ ᠬᠠᠷᠠᠮ ᠦᠭᠡᠢ ᠵᠤᠷᠢᠭᠤᠯᠬᠤ︾ ᠵᠣᠷᠢᠭ ᠰᠠᠨᠠᠭ᠎ᠠ ᠶᠢ ᠴᠢᠷᠮᠠᠶᠢᠨ ᠤᠯᠠᠮᠵᠢᠯᠠᠪᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号