ᠢᠦᠶ ᠴᠢᠤᠸᠠᠨ ᠲᠣᠭᠤᠷᠢᠭ 2024 ᠣᠨ ᠤ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠤᠨ ᠪᠣᠯᠪᠠᠰᠤᠷᠠᠭᠤᠯᠤᠯ ᠢ ᠥᠷᠨᠢᠭᠦᠯᠪᠡ
ᠨᠡᠶᠢᠲᠡᠯᠡᠭᠰᠡᠨ ᠴᠠᠭ᠄
2024/4/9
     ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠨ ᠤ ᠲᠤᠭᠤᠷᠢᠭ ᠤᠨ ᠲᠠᠷᠢᠶᠠᠯᠠᠩ ᠤᠨ ᠮᠡᠷᠭᠡᠵᠢᠯ ᠤᠨ ᠴᠢᠳᠠᠪᠤᠷᠢᠲᠠᠨ ᠳᠤᠲᠠᠭᠳᠠᠵᠤ ᠪᠠᠶᠢᠭ᠎ᠠ ᠣᠳᠣᠬᠢ ᠪᠠᠶᠢᠳᠠᠯ ᠲᠠᠢ ᠤᠶᠠᠯᠳᠤᠭᠤᠯᠤᠨ᠂ ᠪᠥᠬᠦ ᠲᠤᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠢ ᠬᠥᠭᠵᠢᠭᠦᠯᠬᠦ ᠶᠢ ᠪᠡᠶᠡᠯᠡᠭᠦᠯᠬᠦ ᠶᠢ ᠳᠥᠯᠭᠢᠨ ᠠᠬᠢᠭᠤᠯᠬᠤ ᠶᠢᠨ ᠲᠦᠯᠦᠭᠡ᠂ ᠲᠦᠷᠦᠭᠦᠬᠡᠨ᠂ ᠢᠦᠶ ᠴᠢᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠠᠷᠢᠨ ᠨᠢᠮᠪᠠᠶ ᠵᠣᠬᠢᠶᠠᠨ ᠪᠠᠶᠢᠭᠤᠯᠤᠨ ᠨᠠᠷᠢᠨ ᠬᠢᠨᠠᠮᠠᠭᠠᠶ ᠪᠡᠯᠡᠳᠬᠡᠵᠦ᠂ ᠬᠤᠶᠠᠷ ᠡᠳᠦᠷ ᠤᠨ ᠬᠤᠭᠤᠴᠠᠭ᠎ᠠ ᠲᠠᠢ 2024 ᠣᠨ ᠤ ᠢᠦᠶ ᠴᠢᠤᠸᠠᠨ ᠲᠣᠭᠤᠷᠢᠭ ᠤᠨ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠪᠣᠯᠪᠠᠰᠤᠷᠠᠭᠤᠯᠤᠯ ᠢ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠣᠲᠣᠷᠠᠬᠢ ᠳ᠋ᠦᠩ ᠫᠧᠩ ᠠᠮᠠᠷᠠᠯᠲᠠ ᠶᠢᠨ ᠡᠳᠦᠷ ᠤᠨ ᠪᠠᠭᠤᠳᠠᠯ ᠳᠤ ᠵᠢᠩᠬᠢᠨᠢ ᠪᠠᠷ ᠶᠠᠪᠤᠭᠳᠠᠭᠤᠯᠪᠠ᠃ ᠲᠣᠰ ᠤᠳᠠᠭᠠᠨ ᠤ ᠪᠣᠯᠪᠠᠰᠤᠷᠠᠭᠤᠯᠤᠯ ᠳᠤ ᠢᠦᠶ ᠴᠢᠤᠸᠠᠨ ᠲᠣᠭᠤᠷᠢᠭ ᠤᠨ ᠠᠷᠪᠠ ᠭᠠᠷᠤᠶ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠲᠠᠷᠢᠶᠠᠯᠠᠩ ᠤᠨ ᠬᠤᠷᠰᠢᠶ᠎ᠠ᠂ ᠳᠥᠴᠢ ᠭᠠᠷᠤᠶ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶ᠎ᠠ ᠪᠥᠬᠦᠶ ᠠᠵᠢᠯᠲᠠᠨ ᠰᠤᠷᠤᠯᠴᠠᠯᠭ᠎ᠠ ᠳᠤ ᠣᠷᠣᠯᠴᠠᠵᠠᠶ᠃
     ᠲᠣᠰ ᠤᠳᠠᠭᠠᠨ ᠤ ᠪᠣᠯᠪᠠᠰᠤᠷᠠᠭᠤᠯᠤᠯ ᠳᠤ ᠬᠦᠢᠲᠡᠨ ᠰᠡᠷᠢᠭᠦᠨ ᠠᠴᠠ ᠡᠮᠦᠨᠡᠬᠢ ᠨᠣᠭᠤᠭ᠎ᠠ ᠶᠢᠨ ᠡᠪᠡᠳᠴᠢᠨ ᠬᠤᠷᠣᠬᠠᠶ ᠡᠪᠡᠰᠦᠨ ᠤ ᠬᠥᠨᠥᠭᠡᠯ ᠢ ᠰᠡᠷᠭᠡᠶᠢᠯᠡᠨ ᠵᠠᠰᠠᠬᠤ ᠰᠤᠳᠤᠯᠭᠠᠨ ᠪᠠ ᠵᠢᠱᠢᠶ᠎ᠡ ᠦᠵᠡᠭᠦᠯᠦᠨ ᠳᠡᠯᠭᠡᠷᠡᠭᠦᠯᠬᠦ ᠠᠵᠢᠯ ᠢ ᠬᠢᠵᠦ ᠪᠠᠶᠢᠭ᠎ᠠ ᠵᠠᠩ ᠵᠢᠶᠦ᠋ᠨ ᠪᠠᠭᠰᠢ᠂ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠰᠢᠨ᠎ᠡ ᠡᠭᠦᠯᠳᠡᠷ ᠢ ᠵᠠᠰᠠᠨ ᠰᠣᠩᠭᠤᠬᠤ ᠵᠢᠴᠢ ᠳᠠᠷᠢᠵᠤ ᠪᠤᠶᠢᠵᠢᠭᠤᠯᠬᠤ ᠮᠡᠷᠭᠡᠵᠢᠯ ᠤᠨ ᠰᠤᠳᠤᠯᠭᠠᠨ ᠤ ᠠᠵᠢᠯ ᠢ ᠬᠢᠵᠦ ᠪᠠᠶᠢᠭ᠎ᠠ ᠸᠠᠩ ᠶᠦᠩ ᠪᠠᠭᠰᠢ᠂ ᠲᠥᠪᠡᠳ ᠬᠠᠰᠢ ᠶᠢᠨ ᠥᠨᠳᠥᠷ ᠡᠭᠦᠯᠳᠡᠷ ᠵᠢᠴᠢ ᠴᠠᠷᠠᠭᠠᠨ ᠳᠤ ᠪᠤᠶᠢᠵᠢᠭᠤᠯᠬᠤ ᠮᠡᠷᠭᠡᠵᠢᠯ ᠤᠨ ᠰᠤᠳᠤᠯᠭᠠᠨ ᠢ ᠬᠢᠵᠦ ᠪᠠᠶᠢᠭ᠎ᠠ ᠯᠢᠦ ᠶᠠᠨ ᠪᠠᠭᠰᠢ᠂ ᠭᠦᠵᠡᠯᠵᠡᠭᠡᠨ᠎ᠡ ᠶᠢᠨ ᠡᠭᠦᠯᠳᠡᠷ ᠪᠤᠶᠢᠵᠢᠭᠤᠯᠬᠤ ᠵᠢᠴᠢ ᠳᠠᠷᠢᠵᠤ ᠪᠤᠶᠢᠵᠢᠭᠤᠯᠬᠤ ᠹᠢᠽᠢᠣᠯᠣᠭᠢ ᠶᠢᠨ ᠰᠤᠳᠤᠯᠭᠠᠨ ᠤ ᠹᠦ᠋ ᠴᠥᠩ ᠢ ᠪᠠᠭᠰᠢ ᠶᠢ ᠤᠷᠢᠵᠤ ᠬᠢᠴᠢᠶᠡᠯ ᠤᠷᠤᠭᠤᠯᠵᠤ᠂ ᠬᠢᠴᠢᠶᠡᠯ ᠣᠷᠣᠵᠤ ᠪᠠᠶᠢᠭ᠎ᠠ ᠳᠥᠷᠪᠡᠨ ᠪᠠᠭᠰᠢ ᠪᠣᠯ ᠴᠥᠮ ᠣᠯᠠᠨ ᠵᠢᠯ ᠤᠨ ᠲᠠᠷᠢᠶᠠᠯᠠᠩ ᠤᠨ ᠮᠡᠷᠭᠡᠵᠢᠯ ᠤᠨ ᠳᠡᠯᠭᠡᠷᠡᠭᠦᠯᠦᠯᠲᠡ ᠶᠢᠨ ᠠᠵᠢᠯ ᠢ ᠡᠷᠭᠢᠯᠡᠨ ᠬᠢᠵᠦ ᠪᠠᠶᠢᠭ᠎ᠠ ᠪᠣᠳᠠᠲᠤ ᠠᠵᠢᠯ ᠤᠨ ᠲᠤᠷᠰᠢᠯᠭ᠎ᠠ ᠲᠠᠢ ᠰᠤᠳᠤᠯᠤᠭᠴᠢ ᠮᠥᠨ᠃ ᠭᠤᠤᠯᠳᠠᠭᠤ ᠲᠠᠷᠢᠮᠠᠯ ᠳᠠᠷᠢᠬᠤ ᠮᠡᠷᠭᠡᠵᠢᠯ ᠵᠢᠴᠢ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠬᠡᠷᠡᠭᠯᠡᠭᠡᠨ ᠤ ᠠᠷᠭ᠎ᠠ ᠶᠢ ᠵᠢᠭᠠᠵᠤ᠂ ᠠᠭᠤᠯᠭ᠎ᠠ ᠨᠢ ᠬᠢᠯᠪᠠᠷ ᠣᠶᠢᠯᠠᠭᠠᠮᠵᠢᠲᠠᠶ᠂ ᠬᠡᠷᠡᠭᠯᠡᠭᠡᠨ ᠤ ᠴᠢᠨᠠᠷ ᠢᠶᠠᠷ ᠴᠢᠩᠭ᠎ᠠ ᠪᠠᠶᠢᠳᠠᠭ᠃
     ᠪᠣᠯᠪᠠᠰᠤᠷᠠᠭᠤᠯᠤᠯ ᠨᠢ ᠲᠠᠷᠢᠶᠠᠯᠠᠩ ᠤᠨ ᠦᠢᠯᠡᠳᠪᠦᠷᠢᠯᠡᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠵᠤ᠂ ᠤᠯᠠᠨ ᠶᠠᠩᠵᠤ ᠶᠢᠨ ᠬᠡᠯᠪᠡᠷᠢ ᠲᠠᠢ ᠪᠠᠶᠢᠵᠤ᠂ ᠤᠨᠤᠯ ᠤᠨ ᠵᠢᠭᠠᠨ ᠰᠤᠷᠭᠠᠯᠲᠠ᠂ ᠲᠦᠷᠦᠯ ᠵᠦᠢᠯ ᠤᠨ ᠲᠦᠷᠦ ᠶᠢᠨ ᠪᠤᠳᠤᠯᠭ᠎ᠠ ᠶᠢᠨ ᠲᠠᠶᠢᠯᠤᠮᠵᠢ᠂ ᠲᠤᠬᠠᠶ ᠶᠢᠨ ᠲᠠᠯᠠᠪᠤᠷ ᠤᠨ ᠪᠣᠳᠠᠲᠠᠶ ᠪᠣᠯᠪᠠᠰᠤᠷᠠᠭᠤᠯᠤᠯ᠂ ᠬᠡᠷᠡᠭ ᠤᠨ ᠵᠢᠱᠢᠶ᠎ᠡ ᠶᠢᠨ ᠲᠠᠶᠢᠯᠤᠮᠵᠢ᠂ ᠦᠢᠯᠡᠳᠦᠯᠴᠡᠨ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠤᠨ ᠮᠡᠷᠭᠡᠵᠢᠯ ᠤᠨ ᠬᠢᠷᠢ ᠬᠡᠮᠵᠢᠶ᠎ᠡ ᠪᠠ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠪᠠᠷ ᠵᠣᠷᠢᠯᠭ᠎ᠠ ᠪᠣᠯᠭᠠᠭᠰᠠᠨ ᠪᠣᠯᠬᠤᠷ ᠮᠠᠰᠢ ᠴᠢᠩᠭ᠎ᠠ ᠵᠢᠯᠣᠭᠤᠳᠬᠤ ᠴᠢᠨᠠᠷ ᠪᠠ ᠬᠡᠷᠡᠭᠯᠡᠭᠡᠨ ᠤ ᠴᠢᠨᠠᠷ ᠲᠠᠢ ᠪᠠᠶᠢᠳᠠᠭ᠃
     ᠪᠣᠯᠪᠠᠰᠤᠷᠠᠯ ᠢ 300 ᠮᠦ ᠲᠠᠯᠠᠪᠠᠢ ᠲᠠᠢ᠂ 60 ᠬᠦᠯᠡᠮᠵᠢ ᠲᠠᠢ᠂ 110 ᠮᠦ ᠲᠠᠷᠢᠮᠠᠯ ᠤᠨ ᠲᠠᠯᠠᠪᠠᠢ ᠲᠠᠢ᠂ ᠲᠥᠪᠡᠳ ᠬᠠᠰᠢ ᠲᠠᠷᠢᠬᠤ ᠪᠠᠷ ᠭᠤᠣᠯ ᠪᠣᠯᠭᠠᠭᠰᠠᠨ ᠮᠧᠩ ᠳ᠋ᠠ ᠶᠤᠸᠠᠨ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠳᠤ ᠥᠷᠨᠢᠭᠦᠯᠵᠦ᠂ ᠪᠠᠭᠰᠢ ᠶᠢᠨ ᠳᠠᠭᠠᠭᠤᠯᠭ᠎ᠠ ᠪᠠᠷ ᠲᠤᠬᠠᠢ ᠶᠢᠨ ᠭᠠᠵᠠᠷ ᠲᠤᠨᠢ ᠰᠢᠨᠵᠢᠯᠡᠨ ᠰᠤᠷᠤᠯᠴᠠᠵᠤ᠂ ᠬᠢᠴᠢᠶᠡᠯ ᠤᠨ ᠪᠠᠶᠢᠷᠢᠯᠠᠭᠤᠯᠤᠯᠲᠠ ᠨᠢ ᠰᠢᠨ᠎ᠡ ᠰᠣᠷᠭᠤᠭ᠂ ᠰᠢᠨ᠎ᠡ ᠮᠡᠷᠭᠡᠵᠢᠯ ᠨᠢ ᠬᠥᠮᠦᠰ ᠲᠤ ᠰᠢᠨ᠎ᠡ ᠰᠡᠪᠡᠭᠦᠨ ᠰᠠᠨᠠᠭᠳᠠᠵᠤ᠂ ᠪᠣᠯᠪᠠᠰᠤᠷᠠᠯ ᠳᠤ ᠣᠷᠣᠯᠴᠠᠭᠰᠠᠳ ᠲᠤ ᠶᠡᠭᠡ ᠠᠰᠢᠭ ᠬᠦᠷᠲᠡᠭᠡᠵᠡᠢ ᠭᠡᠵᠦ ᠢᠯᠡᠳᠬᠡᠵᠡᠭᠡᠪᠡ᠃
     ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠥᠬᠦᠪᠥᠷᠢ ᠥᠭᠬᠦ ᠲᠥᠷᠥᠯ ᠵᠦᠢᠯ ᠤᠨ ᠡᠩᠨᠡᠭᠡ ᠪᠠᠨ ᠬᠦᠴᠦᠷᠬᠡᠭᠵᠢᠭᠦᠯᠬᠦ᠂ ᠮᠡᠷᠭᠡᠵᠢᠯ ᠢᠶᠠᠨ ᠳᠡᠯᠭᠡᠷᠡᠭᠦᠯᠬᠦ᠂ ᠵᠢᠵᠢᠭ ᠲᠠᠷᠢᠶᠠᠴᠢᠳ ᠢ ᠳᠠᠶᠢᠴᠢᠯᠠᠬᠤ ᠰᠠᠭᠤᠷᠢ ᠲᠤᠯᠭᠠᠭᠤᠷᠢᠯᠠᠯ ᠤᠨ ᠦᠢᠯᠡᠳᠦᠯ ᠢᠶᠠᠨ ᠦᠷᠭᠦᠯᠵᠢᠯᠡᠨ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠡᠩᠨᠡᠭᠡ ᠶᠢ ᠲᠣᠭᠲᠠᠪᠤᠷᠢᠵᠢᠭᠤᠯᠵᠤ᠂ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠤᠨ ᠴᠢᠳᠠᠪᠤᠷᠢᠲᠠᠨ ᠢ ᠶᠡᠬᠡᠪᠡᠷ ᠬᠥᠮᠦᠵᠢᠭᠦᠯᠵᠦ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠦᠢᠯᠡᠴᠢᠯᠡᠭᠡᠨ ᠤ ᠴᠢᠳᠠᠪᠤᠷᠢ ᠶᠢᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠵᠢᠵᠢᠭ ᠲᠠᠷᠢᠶᠠᠴᠢᠨ ᠡᠷᠦᠬᠡ ᠬᠢᠭᠡᠳ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠪᠥᠬᠦ ᠲᠤᠭᠤᠷᠢᠭ ᠤᠨ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠪᠥᠭᠡᠳ ᠠᠮᠤᠷ ᠲᠦᠪᠰᠢᠨ ᠬᠠᠩᠭᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃            ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号