ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠰᠤᠷᠭᠠᠭᠤᠯᠢ ᠶᠢᠨ ᠬᠦᠷᠢᠶᠡᠨ ᠳᠤ ᠤᠷᠤᠪᠠ
ᠨᠡᠶᠢᠲᠡᠯᠡᠭᠰᠡᠨ ᠴᠠᠭ᠄
2024/4/9
     ᠲᠦᠷᠦᠭᠦᠬᠡᠨ᠂ ᠢᠦᠢ ᠴᠢᠤᠸᠠᠨ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠠᠪᠤᠨ ᠰᠤᠪᠤᠷᠭ᠎ᠠ ᠰᠦᠮ᠎ᠡ ᠶᠢᠨ ᠵᠡᠭᠦᠨ ᠵᠡᠭᠡᠯᠢ ᠶᠢᠨ ᠪᠠᠭ᠎ᠠ ᠰᠤᠷᠭᠠᠭᠤᠯᠢ ᠲᠠᠢ ᠭᠠᠷ ᠬᠤᠯᠪᠣᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠢ ᠬᠠᠮᠲᠤ ᠪᠠᠷ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠰᠤᠷᠤᠭᠴᠢᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠴᠢᠩᠭᠠᠳᠬᠠᠨ᠂ ᠬᠤᠪᠢᠰᠬᠠᠯᠲᠤ ᠤᠳᠤᠮᠰᠢᠯ ᠢ ᠦᠷᠭᠦᠯᠵᠢᠯᠡᠭᠦᠯᠵᠡᠢ᠃
     ᠠᠵᠢᠯᠯᠠᠭ᠎ᠠ ᠳᠤᠮᠳᠠ᠂ ᠢᠦᠢ ᠴᠢᠤᠸᠠᠨ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠲᠠᠪᠤᠨ ᠰᠤᠪᠤᠷᠭ᠎ᠠ ᠵᠡᠭᠦᠨ ᠵᠡᠭᠡᠯᠢ ᠶᠢᠨ ᠪᠠᠭ᠎ᠠ ᠰᠤᠷᠭᠠᠭᠤᠯᠢ ᠶᠢᠨ ᠠᠵᠢᠯᠲᠠᠳ ᠬᠠᠮᠲᠤᠪᠠᠷ ᠲᠠᠪᠤᠨ ᠰᠤᠪᠤᠷᠭ᠎ᠠ ᠵᠡᠭᠦᠨ ᠵᠡᠭᠡᠯᠢ ᠶᠢᠨ ᠪᠠᠭ᠎ᠠ ᠰᠤᠷᠭᠠᠭᠤᠯᠢ ᠶᠢᠨ ︽ᠪᠠᠭᠠᠴᠤᠳ ᠤᠨ ᠴᠡᠷᠢᠭ ᠤᠨ ᠰᠤᠷᠭᠠᠭᠤᠯᠢ︾ ᠶᠢᠨ ᠴᠡᠷᠢᠭ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠢᠴᠢᠶᠡᠯ ︵ᠵᠢᠷᠤᠭ ᠲᠤ ᠦᠵᠡ︶ ᠢ ᠦᠵᠡᠭᠰᠡᠨ ᠪᠥᠭᠡᠳ ︽ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠢᠶᠠᠷ ᠣᠨᠴᠠᠯᠢᠭ ᠪᠣᠯᠭᠠᠨ ᠰᠤᠷᠭᠠᠭᠤᠯᠢ ᠡᠷᠭᠢᠯᠡᠬᠦ︾ ᠲᠤᠰᠬᠠᠢ ᠰᠡᠳᠦᠪᠲᠦ ᠶᠠᠷᠢᠯᠴᠠᠬᠤ ᠬᠤᠷᠠᠯ ᠬᠢᠵᠡᠢ᠃ ᠰᠤᠷᠪᠤᠯᠵᠢᠯᠠᠭᠴᠢ ᠠᠷᠢᠭᠤᠨ᠎ᠠ ᠰᠡᠭᠦᠳᠡᠷᠯᠡᠪᠡ
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号