ᠥᠪᠡᠷᠲᠡᠭᠡᠨ ᠵᠠᠰᠠᠬᠤ ᠣᠷᠣᠨ ᠤ ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠪᠠᠷ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠦᠢᠯᠡᠴᠢᠯᠡᠭᠡᠨ ᠤ ᠲᠥᠷᠥᠯ ᠵᠦᠢᠯ ᠬᠤᠳᠠᠯᠳᠤᠨ ᠠᠪᠬᠤ ᠪᠠᠯᠠ ᠮᠥᠩᠭᠦ ᠶᠢ ᠳᠡᠮᠵᠢᠬᠦ ᠳᠤ ᠬᠡᠷᠡᠭᠯᠡᠭᠰᠡᠨ ᠪᠠᠶᠢᠳᠠᠯ ᠤᠨ ᠲᠤᠬᠠᠶ ᠢᠦᠶ ᠴᠢᠤᠸᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠠᠯᠪᠠᠨ ᠵᠠᠷ
ᠨᠡᠶᠢᠲᠡᠯᠡᠭᠰᠡᠨ ᠴᠠᠭ᠄
2024/4/9
     ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ︽2022 ᠣᠨ ᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠪᠠᠷ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ  ᠦᠢᠯᠡᠴᠢᠯᠡᠭᠡᠨ ᠤ ᠲᠥᠷᠥᠯ ᠵᠦᠢᠯ ︵ᠬᠤᠶᠠᠳᠤᠭᠠᠷ ᠪᠦᠯᠦᠭ︶ ᠬᠤᠳᠠᠯᠳᠤᠨ ᠠᠪᠬᠤ ᠪᠠᠯᠠ ᠮᠥᠩᠭᠦ ᠶᠢ ᠳᠡᠮᠵᠢᠬᠦ ᠲᠤᠬᠠᠶ ᠮᠡᠳᠡᠭᠳᠡᠯ︾ ︵ᠬᠥᠬᠡᠬᠤᠲᠠ ᠡᠳ᠋ ᠤᠨ ᠵᠠᠰᠠᠭ ᠶᠡᠷᠦᠩᠬᠡᠶᠢᠯᠡᠭᠰᠡᠨ ᠵᠢᠭᠠᠯᠲᠠ  ﹇2022﹈ 20 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠠᠴᠠ ᠮᠠᠨ ᠤ ᠲᠤᠭᠤᠷᠢᠭ ᠲᠤ ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ 10.5 ᠲᠦᠮᠡᠨ ᠲᠥᠭᠦᠷᠢᠭ ᠪᠠᠭᠤᠯᠭᠠᠵᠤ᠂ ᠡᠭᠦᠨ ᠳᠤ 8 ᠲᠦᠮᠡᠨ ᠲᠥᠭᠦᠷᠢᠭ ᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠦᠢᠯᠡᠴᠢᠯᠡᠭᠡ ᠬᠤᠳᠠᠯᠳᠤᠨ ᠠᠪᠬᠤ ᠶᠢ ᠳᠡᠮᠵᠢᠬᠦ ᠳᠤ ᠬᠡᠷᠡᠭᠯᠡᠨ᠎ᠡ᠃ ︽ᠱᠠᠩᠨᠠᠯᠲᠤ ᠰᠤᠭᠤᠯᠤᠭ᠎ᠠ ᠶᠢᠨ ᠬᠠᠮᠢᠶᠠᠷᠤᠯᠲᠠ ᠶᠢᠨ ᠲᠦᠷᠢᠮ︾᠂ ︽ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ︵ᠡᠳ᠋ ᠤᠨ ᠵᠠᠰᠠᠭ ᠶᠡᠷᠦᠩᠬᠡᠶᠢᠯᠡᠭᠰᠡᠨ  ﹇2020﹈ 15 ᠳ᠋ᠤᠭᠠᠷ ᠲᠣᠭᠠᠲᠤ︶ ᠪᠣᠯᠤᠨ ︽ᠠᠷᠠᠳ ᠤᠨ ᠶᠠᠪᠤᠳᠠᠯ ᠤᠨ ᠶᠠᠮᠤᠨ ᠤ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠱᠠᠭᠠᠷᠳᠠᠯᠭ᠎ᠠ ᠶᠣᠰᠣᠭᠠᠷ᠂ ᠮᠠᠨ ᠤ ᠲᠣᠪᠴᠢᠶ᠎ᠠ ᠥᠪᠥᠷ ᠮᠣᠩᠭᠤᠯ ᠤᠨ ᠪᠸᠢ ᠴᠧᠨ ᠣᠶᠤᠨ ᠤ ᠬᠥᠮᠥᠷᠭᠡ ᠶᠢᠨ ᠰᠤᠳᠤᠯᠭᠠᠨ ᠤ ᠲᠥᠪ ᠲᠤ 7.9 ᠲᠦᠮᠡᠨ ᠲᠥᠭᠦᠷᠢᠭ ᠤᠨ ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠶᠢᠨ ᠪᠠᠯᠠ ᠮᠥᠩᠭᠦ ᠰᠠᠯᠭᠠᠨ ᠥᠭᠴᠦ᠂ ᠪᠦᠬᠦᠨ ᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠦᠢᠯᠡᠴᠢᠯᠡᠭᠡᠨ ᠤ ᠲᠥᠷᠥᠯ ᠵᠦᠢᠯ ᠬᠤᠳᠠᠯᠳᠤᠨ ᠠᠪᠬᠤ ᠳᠤ ᠬᠡᠷᠡᠭᠯᠡᠬᠦ ᠪᠠᠷ ᠪᠠᠶᠢᠨ᠎ᠠ᠃      ᠵᠠᠷᠯᠠᠨ ᠨᠡᠶᠢᠲᠡᠯᠡᠬᠦ ᠡᠳᠦᠷ ᠬᠤᠭᠤᠴᠠᠭ᠎ᠠ᠄ 2024 ᠣᠨ ᠤ 4 ᠳ᠋ᠤᠭᠡᠷ ᠰᠠᠷ᠎ᠠ ᠶᠢᠨ 8 ᠤ ᠡᠳᠦᠷ — 4 ᠳ᠋ᠤᠭᠡᠷ ᠰᠠᠷ᠎ᠠ ᠶᠢᠨ 14 ᠤ ᠡᠳᠦᠷ      ᠬᠢᠨᠠᠯᠲᠠ ᠲᠠᠯᠪᠢᠬᠤ ᠤᠲᠠᠰᠤ᠄ 0471 — 5686425      ᠣᠨᠴᠠᠭᠠᠶᠢᠯᠠᠨ ᠵᠠᠷᠯᠠᠪᠠ                ᠢᠦᠢ ᠴᠢᠤᠸᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ                      2024 ᠣᠨ ᠤ 4 ᠳ᠋ᠤᠭᠡᠷ ᠰᠠᠷ᠎ᠠ ᠶᠢᠨ 8 ᠤ ᠡᠳᠦᠷ           ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号