ᠢᠦᠶ ᠴᠢᠤᠸᠠᠨ ᠲᠤᠭᠤᠷᠢᠭ ᠤᠨ ᠬᠤᠲᠠ ᠶᠢᠨ ᠬᠠᠮᠢᠶᠠᠷᠤᠯᠳᠠ ᠶᠢᠨ ᠲᠤᠪᠴᠢᠶ᠎ᠠ᠄ ᠠᠵᠢᠯ ᠤᠨ ᠪᠠᠶᠢᠷᠢ ᠪᠠᠨ ᠪᠠᠲᠤ ᠰᠠᠬᠢᠵᠤ ᠪᠣᠳᠠᠲᠤ ᠠᠵᠢᠯᠯᠠᠭ᠎ᠠ ᠪᠠᠷ ᠢᠶᠠᠨ ︽ᠬᠥᠳᠡᠯᠮᠦᠷᠢ ᠶᠢᠨ ᠭᠤᠸ᠎ᠠ ᠰᠠᠶᠢᠬᠠᠨ︾ ᠢ ᠪᠢᠴᠢᠭᠯᠡᠪᠡ
ᠨᠡᠶᠢᠲᠡᠯᠡᠭᠰᠡᠨ ᠴᠠᠭ᠄
2024/5/10
     ᠲᠠᠪᠤᠳᠤᠭᠠᠷ ᠬᠤᠭᠤᠴᠠᠭᠠᠨ ᠤ ᠪᠣᠭᠤᠮᠲᠠ ᠶᠢᠨ ᠬᠠᠭᠤᠴᠢᠨ ᠵᠡᠭᠡᠯᠢ ᠶᠢᠨ ᠳᠠᠭᠤᠤ ᠬᠥᠭᠵᠢᠮ ᠤᠨ ᠠᠮᠲᠠᠲᠤ ᠢᠳᠡᠭᠡᠨ ᠤ ᠤᠯᠠᠷᠢᠯ ᠤᠨ ᠡᠯ᠎ᠡ ᠵᠦᠢᠯ ᠤᠨ ᠠᠵᠢᠯᠯᠠᠭ᠎ᠠ ᠶᠢᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠢᠦᠶ ᠴᠢᠤᠸᠠᠨ ᠲᠤᠭᠤᠷᠢᠭ ᠤᠨ ᠬᠤᠲᠠ ᠶᠢᠨ ᠬᠠᠮᠢᠶᠠᠷᠤᠯᠳᠠ ᠶᠢᠨ ᠲᠤᠪᠴᠢᠶ᠎ᠠ ︽ᠬᠤᠸᠠᠷ ᠬᠠᠳᠬᠤᠬᠤ ᠡᠷᠳᠡᠮ︾ ᠢᠶᠠᠷ ᠬᠤᠲᠠ ᠶᠢᠨ ᠡᠯ᠎ᠡ ᠥᠨᠴᠥᠭ ᠪᠤᠯᠤᠩ ᠳᠤ ᠶᠠᠭᠠᠷᠠᠵᠤ᠂ ᠦᠢᠯᠡᠴᠢᠯᠡᠭᠡᠨ ᠤ ᠠᠷᠭ᠎ᠠ ᠬᠡᠮᠵᠢᠶ᠎ᠡ ᠪᠠᠨ ᠴᠢᠩᠭᠠᠷᠠᠭᠤᠯᠬᠤ ᠪᠠᠷ ᠳᠠᠮᠵᠢᠭᠤᠯᠤᠨ᠂ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠳᠬᠠᠵᠤ᠂ ︽5.1︾ ᠤ ᠬᠤᠭᠤᠴᠠᠭᠠᠨ ᠳᠠᠬᠢ ᠳᠠᠭᠤᠤ ᠬᠥᠭᠵᠢᠮ ᠤᠨ ᠠᠮᠲᠠᠲᠤ ᠢᠳᠡᠭᠡᠨ ᠤ ᠤᠯᠠᠷᠢᠯ ᠤᠨ ᠪᠠᠲᠤᠯᠠᠭ᠎ᠠ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠤᠲᠠ ᠶᠢᠨ ︽ᠳᠦᠷᠢ ᠳᠦᠷᠬᠦ︾ ᠶᠢ ᠨᠠᠷᠢᠨ ᠨᠢᠮᠪᠠᠶ ᠴᠢᠮᠡᠵᠦ᠂ ᠥᠷᠭᠡᠨ ᠣᠯᠠᠨ ᠬᠤᠲᠠ ᠶᠢᠨ ᠠᠷᠠᠳ ᠪᠠ ᠵᠤᠭᠠᠴᠠᠭᠰᠠᠳ ᠲᠤ ᠡᠮᠬᠢ ᠵᠢᠷᠤᠮ ᠲᠠᠢ᠂ ᠴᠡᠪᠡᠷ ᠴᠡᠮᠴᠡᠭᠡᠷ᠂ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠬᠠᠩᠭᠠᠭᠰᠠᠨ ᠪᠠᠶᠢᠨ᠎ᠠ᠃
     ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠤᠷᠢᠳᠴᠢᠯᠠᠨ ᠪᠠᠶᠢᠷᠢᠯᠠᠭᠤᠯᠵᠤ᠂ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ︽ᠨᠡᠪᠲᠡᠷᠡᠭᠦᠯᠬᠦ ᠪᠠ ᠪᠥᠭᠯᠡᠬᠦ ᠶᠢ ᠤᠶᠠᠯᠳᠤᠭᠤᠯᠬᠤ᠂ ᠬᠠᠮᠢᠶᠠᠷᠬᠤ ᠶᠢ ᠵᠢᠷᠤᠮᠵᠢᠭᠤᠯᠬᠤ︾ ᠵᠠᠷᠴᠢᠮ ᠢ ᠪᠠᠷᠢᠮᠲᠠᠯᠠᠵᠤ᠂ ︽ᠤᠶᠠᠨ ᠬᠠᠳᠠᠨ ᠢᠶᠠᠷ ᠬᠠᠤᠯᠢ ᠬᠡᠷᠡᠭᠵᠢᠭᠦᠯᠬᠦ︾ ᠣᠶᠢᠯᠠᠭᠠᠭᠳᠠᠬᠤᠨ ᠢ ᠪᠠᠷᠢᠮᠲᠠᠯᠠᠵᠤ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠣᠰᠣᠭᠠᠷ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠣᠭᠤᠮᠲᠠ ᠶᠢᠨ ᠬᠠᠭᠤᠴᠢᠨ ᠵᠡᠭᠡᠯᠢ  ᠶᠢᠨ ᠵᠤᠭᠠᠴᠠᠯ ᠰᠡᠯᠡᠭᠦᠴᠡᠯ ᠤᠨ ᠵᠡᠭᠡᠯᠢ ᠲᠤᠭᠤᠷᠢᠭ ᠤᠨ ᠳᠣᠲᠣᠭᠠᠳᠤ ᠵᠢᠴᠢ ᠡᠷᠭᠢᠨ ᠲᠣᠭᠤᠷᠢᠨ ᠤ ᠭᠤᠤᠯ ᠳᠡᠳ᠋ ᠵᠠᠮ ᠤᠨ ᠬᠤᠶᠠᠷ ᠬᠠᠵᠠᠭᠤ ᠶᠢᠨ ᠵᠠᠮ ᠡᠵᠡᠯᠡᠨ ᠡᠵᠡᠩᠨᠡᠬᠦ᠂ ᠨᠡᠭᠦᠳᠡᠯ ᠳᠡᠯᠭᠡᠭᠡ ᠮᠠᠶᠢᠮᠠᠶ ᠬᠢᠬᠦ᠂ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ᠂ ᠬᠠᠮᠲᠤ ᠪᠠᠷ ᠡᠳ᠋ᠯᠡᠬᠦ ᠳᠤᠭᠤᠶ ᠲᠡᠷᠭᠡ ᠵᠢᠴᠢ ᠨᠡᠶᠢᠭᠡᠮ ᠤᠨ ᠮᠠᠰᠢᠨᠲᠤ ᠪᠤᠰᠤ ᠲᠡᠷᠭᠡ ᠬᠥᠰᠬᠡ ᠶᠢ ᠡᠮᠬᠢ ᠵᠢᠷᠤᠮ ᠥᠬᠡᠶ ᠵᠣᠭᠰᠣᠭᠠᠬᠤ ᠵᠡᠷᠭᠡ ᠬᠤᠲᠠ ᠶᠢᠨ ᠡᠷᠦᠶ ᠬᠤᠷᠤᠶ ᠥᠬᠡᠶ ᠦᠵᠡᠭᠳᠡᠯ ᠢ ᠶᠡᠷᠦᠩᠬᠡᠶᠢᠯᠡᠨ ᠬᠠᠮᠢᠶᠠᠷᠴᠤ ᠴᠡᠭᠴᠡᠯᠡᠨ ᠵᠠᠰᠠᠵᠤ᠂ ᠵᠤᠭᠠᠴᠠᠭᠰᠠᠳ ᠤᠨ ᠤᠷᠤᠰᠬᠠᠯ ᠤᠨ ᠬᠡᠮᠵᠢᠶ᠎ᠡ ᠪᠠ ᠭᠠᠵᠠᠷ ᠵᠦᠶ ᠶᠢᠨ ᠪᠠᠶᠢᠷᠢᠯᠠᠯ ᠤᠨ ᠣᠨᠴᠠᠯᠢᠭ ᠲᠠᠢ ᠤᠶᠠᠯᠳᠤᠭᠤᠯᠤᠨ᠂ ᠬᠠᠤᠯᠢ ᠬᠡᠷᠡᠭᠵᠢᠭᠦᠯᠬᠦ ᠬᠦᠴᠦᠨ ᠢ ᠵᠦᠶ ᠵᠣᠬᠢᠰᠲᠠᠶ ᠳᠣᠭᠢᠷᠠᠭᠤᠯᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠷᠭ᠎ᠠ ᠮᠠᠶ᠋ᠢᠭ ᠢ ᠰᠢᠯᠢᠳᠡᠭᠵᠢᠭᠦᠯᠦᠨ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠢ ᠵᠢᠷᠤᠮᠵᠢᠭᠤᠨ ᠪᠥᠭᠡᠳ ᠡᠮᠬᠢ ᠵᠢᠷᠤᠮ ᠲᠠᠢ ᠪᠠᠶᠢᠯᠭᠠᠬᠤ ᠶᠢ ᠦᠨᠡᠨᠬᠦ ᠪᠠᠲᠤᠯᠠᠪᠠ᠃ ᠡᠭᠦᠨ ᠤ ᠬᠠᠮᠲᠤ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠡᠭᠡ ᠡᠮᠦᠨ᠎ᠡ ᠶᠡᠭᠡ ᠬᠤᠶᠢᠲᠤ ᠵᠡᠭᠡᠯᠢ ᠶᠢᠨ ᠲᠡᠷᠭᠡ ᠬᠥᠰᠬᠡ ᠲᠦᠭᠵᠢᠷᠡᠬᠦ ᠣᠷᠣᠨ ᠪᠠᠶᠢᠷᠢ ᠳᠤ ᠬᠦᠮᠦᠨ ᠲᠤᠬᠢᠷᠠᠭᠤᠯᠤᠨ ᠬᠥᠲᠥᠯᠥᠨ ᠵᠢᠯᠤᠭᠤᠳᠴᠤ᠂ ᠭᠠᠳᠠᠷ ᠣᠷᠣᠨ ᠤ ᠵᠤᠭᠠᠴᠠᠭᠰᠠᠳ ᠢ ᠵᠢᠯᠣᠭᠤᠳᠤᠨ ᠲᠡᠷᠭᠡᠨ ᠵᠣᠭᠰᠣᠭᠠᠯ ᠤᠨ ᠣᠶᠢᠷ᠎ᠠ ᠬᠠᠪᠢ ᠳᠤ ᠲᠡᠷᠭᠡ ᠵᠣᠭᠰᠣᠭᠠᠵᠤ᠂ ᠵᠤᠭᠠᠴᠠᠭᠰᠠᠳ ᠤᠨ ᠲᠡᠷᠭᠡ ᠵᠣᠭᠰᠣᠭᠠᠬᠤ ᠳᠤ ᠬᠦᠴᠢᠷ ᠪᠠᠶᠢᠬᠤ ᠠᠰᠠᠭᠤᠳᠠᠯ ᠢ ᠰᠢᠢᠳᠪᠦᠷᠢᠯᠡᠪᠡ᠃
     ᠢᠦᠢ ᠴᠢᠤᠸᠠᠨ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯᠲᠠᠳ ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ ᠤᠢᠢᠯᠠᠭᠠᠭᠳᠠᠬᠤᠨ ᠢ ᠢᠮᠠᠭᠲᠠ ᠦᠢᠯᠡᠳᠦᠯᠭᠡᠵᠢᠭᠦᠯᠵᠦ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢᠨ ᠡᠮᠦᠨ᠎ᠡ᠂ ᠲᠡᠳᠡ ᠶᠡᠷᠦ ᠨᠢ ᠲᠡᠷᠡ ᠳᠠᠷᠤᠢ ᠳᠤᠨᠢ ᠳᠡᠮᠵᠢᠯᠭᠡ ᠦᠵᠡᠭᠦᠯᠵᠦ᠂ ᠡᠭᠡᠯ ᠵᠢᠷ ᠤᠨ ᠰᠠᠶᠢᠨ ᠶᠠᠪᠤᠳᠠᠯ ᠰᠠᠶᠢᠨ ᠦᠢᠯᠡ ᠠᠵᠢᠯᠯᠠᠭ᠎ᠠ ᠪᠠᠷ ᠢᠶᠠᠨ ᠤᠯᠠᠨ ᠲᠦᠮᠡᠨ ᠤ ᠰᠡᠳᠬᠢᠯ ᠢ ᠳᠤᠯᠠᠭᠠᠴᠠᠭᠤᠯᠤᠨ᠎ᠠ᠃
          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号