ᠢᠦᠢ ᠴᠢᠤᠸᠠᠨ ᠲᠣᠭᠤᠷᠢᠭ ᠪᠥᠬᠦ ᠣᠷᠣᠨ ᠪᠦᠰᠡ ᠶᠢᠨ ᠦᠵᠡᠮᠵᠢ ᠶᠢᠨ ᠣᠷᠣᠨ ᠤ ᠲᠠᠶᠢᠯᠪᠤᠷᠢᠯᠠᠭᠴᠢ ᠶᠢᠨ ᠶᠣᠰᠣᠯᠠᠯ ᠤᠨ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/5/11
     5 ᠳ᠋ᠤᠭᠠᠷ ᠰᠠᠷ᠎ᠠ ᠶᠢᠨ 8 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠪᠣᠯᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠬᠠᠮᠲᠤᠷᠠᠨ ᠡᠷᠭᠢᠯᠡᠭᠰᠡᠨ ︽ᠰᠢᠨ᠎ᠡ ᠴᠠᠭ ᠦᠶ᠎ᠡ ᠳᠤ ᠬᠦᠨᠳᠦᠳᠬᠡᠯ ᠳᠡᠪᠰᠢᠭᠦᠯᠵᠦ ᠰᠢᠨ᠎ᠡ ᠥᠯᠢᠭᠡᠷ ᠢ ᠶᠠᠷᠢᠬᠤ  — ᠢᠦᠢ ᠴᠢᠤᠸᠠᠨ ᠲᠣᠭᠤᠷᠢᠭ ᠤᠨ ᠪᠦᠬᠦ ᠣᠷᠣᠨ ᠪᠦᠰᠡ ᠶᠢᠨ ᠦᠵᠡᠮᠵᠢ ᠶᠢᠨ ᠣᠷᠣᠨ ᠤ ᠲᠠᠶᠢᠯᠪᠤᠷᠢᠯᠠᠭᠴᠢ ᠶᠢᠨ ᠶᠣᠰᠣᠯᠠᠯ ᠤᠨ ᠪᠤᠯᠪᠠᠰᠤᠷᠠᠯ︾ ᠢ ᠶᠡᠭᠡ ᠵᠤᠤ ᠵᠤᠭᠠᠴᠠᠭᠰᠠᠳ ᠤᠨ ᠦᠢᠯᠡᠴᠢᠯᠡᠭᠡᠨ ᠤ ᠲᠥᠪ ᠲᠤ ᠡᠷᠭᠢᠯᠡᠵᠦ᠂ ᠪᠥᠬᠦ ᠲᠣᠭᠤᠷᠢᠭ ᠤᠨ 9 A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠲᠠᠶᠢᠯᠪᠤᠷᠢᠯᠠᠭᠴᠢ ᠰᠤᠷᠤᠯᠴᠠᠯᠭ᠎ᠠ ᠪᠣᠯᠪᠠᠰᠤᠷᠠᠯ ᠳᠤ ᠣᠷᠣᠯᠴᠠᠪᠠ᠃
     ᠲᠣᠰ ᠤᠳᠠᠭᠠᠨ ᠤ ᠪᠤᠯᠪᠠᠰᠤᠷᠠᠯ ᠨᠢ IPA ᠣᠯᠠᠨ ᠤᠯᠤᠰ ᠤᠨ ᠳᠠᠩᠰᠠᠯᠠᠭᠤᠯᠤᠭᠰᠠᠨ ᠭᠡᠷᠡᠴᠢᠯᠡᠭᠡ ᠶᠢᠨ ᠬᠠᠮᠢᠶᠠᠷᠤᠯᠲᠠ ᠶᠢᠨ ᠲᠥᠪ ᠤᠨ ᠳᠡᠭᠡᠳᠦ ᠵᠡᠷᠭᠡ ᠶᠢᠨ ᠶᠣᠰᠣᠯᠠᠯ ᠤᠨ ᠪᠣᠯᠪᠠᠰᠤᠷᠠᠭᠤᠯᠤᠭᠴᠢ᠂ ᠳᠡᠭᠡᠳᠦ ᠵᠡᠷᠭᠡ ᠶᠢᠨ ᠦᠢᠯᠡ ᠠᠵᠢᠯᠯᠠᠭ᠎ᠠ ᠶᠢᠨ ᠪᠡᠶ᠎ᠡ ᠪᠠᠶᠢᠳᠠᠯ ᠤᠨ ᠰᠤᠷᠭᠠᠭᠴᠢ ᠯᠢᠦ ᠢ ᠵᠢᠶᠧ ᠪᠠᠭᠰᠢ ᠠᠴᠠ ᠭᠤᠤᠯᠯᠠᠨ ᠶᠠᠷᠢᠪᠠ᠃ ᠯᠢᠦ ᠪᠠᠭᠰᠢ ᠦᠵᠡᠮᠵᠢ ᠶᠢᠨ ᠣᠷᠣᠨ ᠤ ᠲᠠᠶᠢᠯᠤᠮᠵᠢ ᠶᠢᠨ ᠠᠵᠢᠯ ᠤᠨ ᠳᠤᠮᠳᠠ ᠬᠤᠯᠪᠣᠭᠳᠠᠭᠰᠠᠨ ᠬᠦᠯᠢᠶᠡᠨ ᠠᠪᠬᠤ ᠶᠣᠰᠣᠯᠠᠯ ᠤᠨ ᠲᠣᠭᠤᠷᠢᠨ ᠳᠤ ᠵᠢᠷᠤᠭ ᠪᠢᠴᠢᠭ ᠤᠨ ᠲᠠᠶᠢᠯᠪᠤᠷᠢᠯᠠᠯᠲᠠ᠂ ᠳᠠᠳᠤᠯᠭ᠎ᠠ ᠪᠣᠯᠪᠠᠰᠤᠷᠠᠯ ᠤᠨ ᠦᠵᠡᠭᠦᠯᠭᠡ ᠶᠢᠨ ᠬᠡᠯᠪᠡᠷᠢ ᠪᠠᠷ ᠲᠠᠶᠢᠯᠪᠤᠷᠢᠯᠠᠭᠴᠢ ᠶᠢᠨ ᠦᠩᠭᠡ ᠵᠢᠰᠦ᠂ ᠳᠦᠷᠢ ᠲᠥᠷᠬᠦ ᠪᠣᠯᠤᠨ ᠬᠤᠪᠴᠠᠰᠤ ᠵᠠᠰᠠᠯ ᠤᠨ ᠱᠠᠭᠠᠷᠳᠠᠯᠭ᠎ᠠ ᠵᠡᠷᠭᠡ ᠠᠭᠤᠯᠭ᠎ᠠ ᠳᠤ ᠬᠦᠯᠢᠴᠡᠩᠭᠦᠶ ᠨᠠᠷᠢᠨ ᠨᠢᠮᠪᠠᠶ ᠲᠠᠶᠢᠯᠤᠮᠵᠢ ᠬᠢᠭᠰᠡᠨ ᠪᠥᠭᠡᠳ ᠣᠯᠠᠨ ᠲᠠᠢ ᠲᠤᠷᠰᠢᠯᠭ᠎ᠠ ᠪᠠᠨ ᠰᠣᠯᠢᠯᠴᠠᠵᠤ ᠠᠰᠠᠭᠤᠯᠲᠠ ᠬᠠᠷᠢᠭᠤᠯᠲᠠ ᠥᠭᠴᠡᠶ᠃
     ᠲᠤᠬᠠᠶ ᠶᠢᠨ ᠲᠠᠯᠠᠪᠤᠷ ᠤᠨ ᠵᠢᠭᠠᠨ ᠰᠤᠷᠭᠠᠬᠤ ᠪᠤᠯᠪᠠᠰᠤᠷᠠᠯ ᠤᠨ ᠭᠤᠭᠴᠤᠭ᠎ᠠ ᠳᠤ᠂ ᠲᠠᠶᠢᠯᠪᠤᠷᠢᠯᠠᠭᠴᠢ ᠳᠤᠭᠤᠶᠢᠯᠠᠩ ᠢᠶᠠᠷ ᠨᠢᠭᠡᠴᠢ ᠪᠣᠯᠭᠠᠨ ᠳᠠᠭᠤᠷᠢᠶᠠᠮᠠᠯ ᠰᠣᠷᠢᠯᠲᠠ ᠬᠢᠵᠦ᠂ ᠪᠠᠭᠰᠢ ᠠᠴᠠ ᠨᠠᠷᠢᠨ ᠨᠢᠮᠪᠠᠶ ᠦᠵᠡᠭᠦᠯᠦᠨ ᠲᠠᠶᠢᠯᠪᠤᠷᠢᠯᠠᠵᠤ᠂ ᠲᠠᠶᠢᠯᠪᠤᠷᠢᠯᠠᠭᠴᠢ ᠶᠢ ᠵᠢᠭᠠᠨ ᠵᠢᠯᠣᠭᠤᠳᠴᠤ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠲᠠᠶᠢᠯᠪᠤᠷᠢᠯᠠᠭᠴᠢ ᠶᠢᠨ ᠲᠣᠰ ᠪᠡᠶ᠎ᠡ ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠵᠠᠯᠠᠷᠠᠭᠤᠯᠵᠤ ᠵᠢᠭᠠᠨ ᠵᠢᠯᠣᠭᠤᠳᠪᠠ᠃ ᠠᠮᠢᠳᠤᠯᠢᠭ ᠰᠣᠨᠢᠷᠬᠠᠯᠲᠠᠢ ᠬᠠᠷᠢᠯᠴᠠᠨ ᠬᠥᠳᠡᠯᠦᠯᠴᠡᠬᠦ ᠮᠠᠶ᠋ᠢᠭ ᠤᠨ ᠵᠢᠭᠠᠨ ᠰᠤᠷᠭᠠᠯᠲᠠ ᠨᠢ ᠪᠣᠶ ᠪᠥᠬᠦᠶ ᠪᠣᠯᠪᠠᠰᠤᠷᠠᠯ ᠳᠤ ᠣᠷᠣᠯᠴᠠᠬᠤ ᠲᠠᠶᠢᠯᠪᠤᠷᠢᠯᠠᠭᠴᠢ ᠳᠤ ᠶᠣᠰᠣᠯᠠᠯ ᠤᠨ ᠵᠢᠷᠤᠮᠵᠢᠯ ᠪᠠ ᠤᠷ᠎ᠠ ᠮᠡᠷᠭᠡᠵᠢᠯ ᠤᠨ ᠲᠤᠬᠠᠶ ᠭᠦᠨᠵᠡᠭᠡᠶ ᠣᠶᠢᠯᠠᠭᠠᠭᠤᠯᠬᠤ ᠪᠠᠷ ᠪᠠᠷᠠᠬᠤ ᠥᠬᠡᠶ᠂ ᠨᠠᠩ ᠴᠤ ᠪᠠᠶᠠᠷ ᠪᠠᠶᠠᠰᠬᠤᠯᠠᠩ ᠲᠠᠢ ᠠᠭᠤᠷ ᠠᠮᠢᠰᠬᠤᠯ ᠤᠨ ᠳᠤᠮᠳᠠ ᠬᠤᠷᠢᠶᠠᠯᠲᠠ ᠳᠦᠭᠦᠷᠡᠩ ᠤᠯᠭᠤᠵᠠᠢ᠃
     ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠣᠯᠠᠨ ᠢᠶᠠᠷ ᠢᠶᠠᠨ᠂ ᠲᠣᠰ ᠤᠳᠠᠭᠠᠨ ᠤ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠤᠯᠠᠮ ᠨᠢᠭᠡ ᠠᠯᠬᠤᠮ ᠪᠠᠲᠤᠳᠬᠠᠵᠤ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠢᠦᠶ ᠴᠢᠤᠸᠠᠨ ᠤ ᠥᠯᠢᠭᠡᠷ ᠢ ᠰᠠᠶᠢᠲᠤᠷ ᠶᠠᠷᠢᠵᠤ᠂ ᠮᠡᠳᠡᠯᠭᠡ ᠶᠢ ᠰᠠᠶᠢᠲᠤᠷ ᠨᠥᠭᠡᠴᠡᠯᠡᠵᠦ᠂ ᠲᠠᠶᠢᠯᠪᠤᠷᠢᠯᠠᠨ ᠦᠢᠯᠡᠴᠢᠯᠡᠵᠦ᠂ ᠵᠢᠱᠢᠶ᠎ᠡ ᠦᠵᠡᠭᠦᠯᠦᠨ ᠲᠦᠷᠦᠭᠦᠯᠡᠨ ᠰᠠᠶᠢᠲᠤᠷ ᠬᠢᠵᠦ᠂ ᠨᠡᠶᠢᠭᠡᠮ ᠤᠨ ᠨᠥᠯᠥᠭᠡ ᠪᠠᠷ ᠰᠠᠶᠢᠨ ᠠᠵᠢᠯ ᠲᠥᠷᠥᠯ ᠤᠨ ᠬᠥᠲᠥᠯᠦᠨ ᠳᠠᠭᠠᠭᠤᠯᠬᠤ ᠦᠢᠯᠡᠳᠦᠯ ᠢ ᠴᠢᠷᠮᠠᠶᠢᠨ ᠪᠡᠶᠡᠯᠡᠭᠦᠯᠵᠦ᠂ ᠢᠦᠶ ᠴᠢᠤᠸᠠᠨ ᠲᠣᠭᠤᠷᠢᠭ ᠤᠨ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠵᠡᠭᠡᠪᠡ᠃            ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号