ᠢᠦᠢ ᠴᠢᠤᠸᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤᠰᠠᠯᠠᠨ ᠠᠪᠤᠷᠠᠭᠴᠢ ᠶᠢᠨ ᠪᠣᠯᠪᠠᠰᠤᠷᠠᠯ ᠤᠨ ᠠᠩᠭᠢ ᠥᠷᠨᠢᠭᠦᠯᠪᠡ
ᠨᠡᠶᠢᠲᠡᠯᠡᠭᠰᠡᠨ ᠴᠠᠭ᠄
2024/5/11
     ᠡᠨᠡ ᠵᠢᠯ ᠤᠨ 5 ᠳ᠋ᠤᠭᠠᠷ ᠰᠠᠷ᠎ᠠ ᠶᠢᠨ 8 ᠤ ᠡᠳᠦᠷ ᠪᠣᠯ 77 ᠳ᠋ᠤᠭᠠᠷ ︽ᠳᠡᠯᠡᠬᠡᠶ ᠶᠢᠨ ᠤᠯᠠᠭᠠᠨ ᠵᠠᠭᠠᠯᠮᠠᠶᠢᠲᠠᠨ ᠤ ᠡᠳᠦᠷ︾ ᠪᠣᠯᠤᠨ᠎ᠠ᠃      ᠢᠦᠢ ᠴᠢᠤᠸᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨᠢ ᠤᠯᠠᠭᠠᠨ ᠵᠠᠭᠠᠯᠮᠠᠶᠢᠲᠠᠨ ᠤ ᠪᠠᠴᠢᠮ ᠪᠠᠶᠢᠳᠠᠯ ᠢ ᠠᠷᠭᠠᠴᠠᠭᠠᠵᠤ ᠲᠤᠰᠠᠯᠠᠨ ᠠᠪᠤᠷᠠᠬᠤ ᠮᠡᠳᠡᠯᠭᠡ ᠶᠢ ᠤᠯᠠᠮ ᠨᠢᠭᠡ ᠠᠯᠬᠤᠮ ᠲᠦᠭᠡᠮᠡᠯᠵᠢᠭᠦᠯᠵᠦ᠂ ᠤᠯᠠᠭᠠᠨ ᠵᠠᠭᠠᠯᠮᠠᠶᠢᠲᠠᠨ ᠤ ᠠᠮᠢ ᠨᠠᠰᠤᠨ ᠤ ᠬᠥᠮᠦᠵᠢᠯ ᠤᠨ ᠠᠵᠢᠯᠯᠠᠭ᠎ᠠ ᠶᠢ ᠦᠢᠯᠡᠳᠦᠯᠭᠡᠵᠢᠭᠦᠯᠵᠦ᠂ ︽ᠬᠥᠮᠥᠡᠯᠢᠭ ᠶᠣᠰᠣ᠂ ᠲᠦᠭᠡᠮᠡᠯ ᠬᠠᠶᠢᠷ᠎ᠠ᠂ ᠬᠤᠪᠢ ᠨᠡᠮᠡᠷᠢ ᠦᠵᠡᠭᠦᠯᠬᠦ︾ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠬᠤ ᠶᠢᠨ ᠲᠥᠯᠥᠭᠡ᠂ 8 ᠤ ᠡᠳᠦᠷ ᠤᠨ ᠦᠳᠡ ᠶᠢᠨ ᠬᠤᠶᠢᠨ᠎ᠠ᠂ ᠢᠦᠢ ᠴᠢᠤᠸᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨᠡᠶᠢᠲᠡ ᠶᠢᠨ ᠮᠠᠰᠢᠨ ᠲᠡᠷᠭᠡᠨ ᠤ ᠬᠤᠶᠠᠳᠤᠭᠠᠷ ᠺᠣᠮᠫᠠᠨᠢ ᠳᠤ ᠠᠪᠤᠷᠠᠨ ᠲᠤᠰᠠᠯᠠᠭᠴᠢ ᠶᠢᠨ ᠪᠣᠯᠪᠠᠰᠤᠷᠠᠯ ᠤᠨ ᠠᠩᠭᠢ ᠥᠷᠨᠢᠭᠦᠯᠵᠦ᠂ ᠲᠣᠰ ᠤᠳᠠᠭᠠᠨ ᠤ ᠪᠣᠯᠪᠠᠰᠤᠷᠠᠭᠤᠯᠤᠯ ᠤᠨ ᠡᠲᠡᠭᠡᠳ ᠨᠢ ᠨᠡᠶᠢᠲᠡ ᠶᠢᠨ ᠮᠠᠰᠢᠨ ᠲᠡᠷᠭᠡᠨ ᠤ ᠵᠢᠯᠣᠭᠤᠴᠢ ᠪᠠᠶᠢᠵᠤ᠂ 92 ᠬᠥᠮᠦᠨ ᠢ ᠪᠣᠯᠪᠠᠰᠤᠷᠠᠭᠤᠯᠪᠠ᠃
     ᠪᠣᠯᠪᠠᠰᠤᠷᠠᠭᠤᠯᠤᠯ ᠨᠢ ᠣᠨᠣᠯ ᠤᠨ ᠮᠡᠳᠡᠯᠭᠡ ᠶᠢᠨ ᠲᠠᠶᠢᠯᠤᠮᠵᠢ᠂ ᠲᠤᠬᠠᠶ ᠶᠢᠨ ᠲᠠᠯᠠᠪᠤᠷ ᠤᠨ ᠰᠣᠷᠢᠯᠲᠠ᠂ ᠦᠢᠯᠡᠳᠦᠯᠭᠡ ᠶᠢᠨ ᠠᠵᠢᠯᠯᠠᠭ᠎ᠠ᠂ ᠣᠨᠣᠯ ᠪᠠ ᠪᠣᠳᠠᠲᠤ ᠠᠵᠢᠯᠯᠠᠭᠠᠨ ᠤ ᠬᠢᠨᠠᠨ ᠰᠢᠯᠭᠠᠯᠲᠠ ᠵᠡᠷᠭᠡ ᠳᠥᠷᠪᠡᠨ ᠭᠤᠭᠴᠤᠭ᠎ᠠ ᠬᠤᠪᠢᠶᠠᠨ᠎ᠠ᠃ ᠤᠯᠠᠭᠠᠨ ᠵᠠᠭᠠᠯᠮᠠᠶᠢᠲᠠᠨ ᠤ ᠲᠤᠰᠠᠯᠠᠨ ᠠᠪᠤᠷᠠᠬᠤ ᠪᠣᠯᠪᠠᠰᠤᠷᠠᠭᠤᠯᠤᠭᠴᠢ ᠬᠢᠴᠢᠶᠡᠯ ᠲᠠᠶᠢᠯᠪᠤᠷᠢᠯᠠᠬᠤ ᠪᠠ ᠲᠤᠬᠠᠶ ᠶᠢᠨ ᠲᠠᠯᠠᠪᠤᠷ ᠲᠤ ᠵᠢᠱᠢᠶ᠎ᠡ ᠦᠵᠡᠭᠦᠯᠦᠨ ᠠᠵᠢᠯᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠢᠯᠪᠠᠷ ᠣᠶᠢᠯᠠᠭᠠᠮᠵᠢᠲᠠᠶ ᠦᠭᠡ ᠬᠡᠯᠡ ᠪᠠᠷ ᠤᠯᠠᠭᠠᠨ ᠵᠠᠭᠠᠯᠮᠠᠶᠢᠲᠠᠨ ᠤ ᠡᠭᠦᠰᠦᠯ ᠢ ᠲᠠᠶᠢᠯᠪᠤᠷᠢᠯᠠᠵᠤ᠂ ᠵᠢᠷᠦᠬᠡ ᠠᠭᠤᠰᠬᠢᠨ ᠤ ᠰᠡᠷᠭᠦᠯᠲᠡ᠂ ᠰᠢᠷᠬ᠎ᠠ ᠶᠢ ᠲᠤᠰᠠᠯᠠᠨ ᠠᠪᠤᠷᠠᠬᠤ ᠦᠨᠳᠦᠰᠦᠨ ᠤᠷ᠎ᠠ ᠴᠢᠳᠠᠪᠤᠷᠢ ︵ᠴᠢᠰᠤ ᠵᠣᠭᠰᠣᠭᠠᠬᠤ᠂ ᠪᠣᠭᠤᠳᠠᠯᠯᠠᠬᠤ᠂ ᠲᠣᠭᠲᠠᠮᠠᠯ ᠪᠠᠶᠢᠯᠭᠠᠬᠤ᠂ ᠵᠥᠭᠡᠭᠡᠪᠦᠷᠢᠯᠡᠬᠦ︶᠂ ᠬᠡᠢ ᠶᠢᠨ ᠵᠠᠮ ᠤᠨ ᠡᠯᠳᠡᠪ ᠪᠣᠳᠠᠰ ᠤᠨ ᠲᠦᠭᠵᠢᠷᠡᠯ᠂ ᠰᠠᠨᠠᠭᠠᠨ ᠳᠤ ᠥᠬᠡᠶ ᠭᠡᠮᠲᠦᠯ ᠵᠡᠷᠭᠡ ᠲᠤᠰᠠᠯᠠᠨ ᠠᠪᠤᠷᠠᠬᠤ ᠮᠡᠳᠡᠯᠭᠡ ᠶᠢ ᠲᠠᠶᠢᠯᠪᠤᠷᠢᠯᠠᠪᠠ᠃ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠬᠠᠷᠢᠯᠴᠠᠨ ᠬᠠᠮᠲᠤᠷᠠᠯᠴᠠᠵᠤ᠂ ᠲᠠᠬᠢᠨ ᠳᠠᠪᠲᠠᠨ ᠪᠣᠯᠪᠠᠰᠤᠷᠠᠵᠤ᠂  ᠬᠦᠳᠡᠯᠦᠯ ᠪᠤᠯᠭᠠᠨ ᠢ ᠪᠠᠷᠢᠮᠵᠢᠶ᠎ᠠ ᠳᠤ ᠬᠦᠷᠦᠭᠦᠯᠦᠨ᠂ ᠪᠠᠭᠰᠢ ᠲᠤᠬᠠᠶ ᠶᠢᠨ ᠲᠠᠯᠠᠪᠠᠢ ᠳᠤ ᠠᠯᠳᠠᠭ᠎ᠠ ᠪᠤᠷᠤᠭᠤ ᠪᠠᠨ ᠵᠠᠯᠠᠷᠠᠭᠤᠯᠬᠤ ᠶᠢᠨ ᠬᠠᠮᠲᠤ ᠨᠢᠭᠡᠳ ᠨᠢᠭᠡ ᠪᠠᠷ ᠵᠢᠯᠣᠭᠤᠳᠴᠤ᠂ ᠬᠢᠴᠢᠶᠡᠯ ᠤᠨ ᠲᠠᠩᠬᠢᠮ ᠤᠨ ᠠᠭᠤᠷ ᠠᠮᠢᠰᠬᠤᠯ ᠬᠥᠭᠵᠢᠶᠡᠨᠲᠡᠶ ᠪᠠᠶᠢᠵᠤ᠂ ᠰᠤᠷᠤᠭᠴᠢᠳ ᠤᠨ ᠢᠳᠡᠪᠬᠢᠵᠢᠯ ᠮᠠᠰᠢ ᠥᠨᠳᠥᠷ ᠪᠠᠶᠢᠪᠠ᠃
     ᠪᠣᠯᠪᠠᠰᠤᠷᠠᠯ ᠤᠨ ᠶᠠᠪᠤᠴᠠ ᠳᠤ᠂ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯᠲᠠᠳ ᠪᠠᠰᠠ ᠰᠤᠷᠤᠭᠴᠢᠳ ᠲᠤ ᠤᠯᠠᠭᠠᠨ ᠵᠠᠭᠠᠯᠮᠠᠶᠢᠲᠠᠨ ᠤ ᠪᠠᠴᠢᠮ ᠪᠠᠶᠢᠳᠠᠯ ᠢ ᠠᠷᠭᠠᠴᠠᠭᠠᠵᠤ ᠲᠤᠰᠠᠯᠠᠨ ᠠᠪᠤᠷᠠᠬᠤ ᠮᠡᠳᠡᠯᠭᠡ ᠶᠢᠨ ᠭᠠᠷ ᠳᠡᠪᠲᠡᠷ ᠲᠠᠷᠬᠠᠭᠠᠵᠤ᠂ ᠲᠤᠬᠠᠶ ᠶᠢᠨ ᠲᠠᠯᠠᠪᠤᠷ ᠲᠤ ᠪᠠᠴᠢᠮ ᠪᠠᠶᠢᠳᠠᠯ ᠢ ᠠᠷᠭᠠᠴᠠᠭᠠᠵᠤ ᠲᠤᠰᠠᠯᠠᠨ ᠠᠪᠤᠷᠠᠬᠤ ᠮᠡᠳᠡᠯᠭᠡ ᠶᠢᠨ ᠴᠢᠬᠤᠯᠠ ᠴᠢᠨᠠᠷ ᠢ ᠤᠬᠠᠭᠤᠯᠤᠨ ᠰᠤᠷᠤᠯᠴᠠᠵᠤ᠂ ᠤᠯᠠᠨ ᠢ ᠳᠠᠶᠢᠴᠢᠯᠠᠨ ᠡᠨᠡ ᠬᠦ ᠵᠠᠩᠭᠢᠯᠠᠭ᠎ᠠ ᠶᠢᠨ ᠴᠠᠭ ᠦᠶ᠎ᠡ ᠳᠤ ᠠᠮᠢ ᠠᠪᠤᠷᠠᠵᠤ ᠳᠡᠶᠢᠯᠬᠦ ᠮᠡᠷᠭᠡᠵᠢᠯ ᠢ ᠨᠠᠷᠢᠨ ᠬᠢᠨᠠᠮᠠᠭᠠᠶ ᠰᠤᠷᠤᠯᠴᠠᠭᠤᠯᠵᠤ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠪᠡ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号