2024 ᠣᠨ ᠤ 5 ᠳ᠋ᠤᠭᠠᠷ ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠲᠤᠭᠤᠷᠢᠭ ᠤᠨ | ᠨᠠᠮ ᠤᠨ ᠬᠤᠷᠢᠶᠠᠨ ᠤ ᠱᠦᠵᠢ ᠴᠧᠩ ᠵᠦᠩ ᠵᠦᠩ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶ᠎ᠠ ᠵᠢᠴᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ 2024 ᠣᠨ ᠤ 5 ᠳ᠋ᠤᠭᠠᠷ | ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠬᠤᠷᠢᠶᠠᠨ ᠤ ᠠᠯᠪᠠᠨ ᠭᠡᠷ᠂ ᠲᠦᠷᠦ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠢ ᠬᠦᠴᠦᠯᠡᠨ | ᠠᠬᠢᠭᠤᠯᠬᠤ ᠲᠤᠬᠠᠢ ᠰᠠᠨᠠᠯ︾ ᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ ᠭᠤᠣᠯᠳᠠᠯᠭ᠎ᠠ ᠲᠠᠢ ᠵᠠᠬᠢᠳᠠᠯ | ᠰᠤᠷᠪᠤᠯᠵᠢᠯᠠᠭ᠎ᠠ ᠶᠢᠨ ᠵᠦᠢᠯᠡᠰ ᠤᠨ ᠲᠤᠭᠤᠷᠢᠭ ᠤᠨ ᠲᠡᠰ ᠤᠨ ᠤᠳᠤᠷᠢᠳᠤᠯᠭ᠎ᠠ ᠶᠢᠨ ᠬᠡᠷᠡᠭ ᠢ ᠳᠠᠭᠠᠭᠠᠴᠢᠯᠠᠨ | ᠰᠢᠢᠳᠪᠦᠷᠢᠯᠡᠭᠰᠡᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ | ᠳᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠵᠠᠬᠢᠳᠠᠯ ᠰᠤᠷᠪᠤᠯᠵᠢᠯᠠᠭ᠎ᠠ ᠪᠣᠯ ᠬᠦᠷᠭᠡᠵᠦ ᠢᠷᠡᠭᠰᠡᠨ ᠣᠯᠠᠨ | ᠲᠦᠮᠡᠨ ᠤ ᠠᠵᠢᠯ ᠮᠥᠨ᠂ ᠪᠥᠬᠦ ᠲᠤᠭᠤᠷᠢᠭ ᠤᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ︽ᠵᠠᠬᠢᠳᠠᠯ | ᠰᠤᠷᠪᠤᠯᠵᠢᠯᠠᠭ᠎ᠠ ᠤᠨ ᠠᠵᠢᠯ ᠤᠨ ᠬᠠᠤᠯᠢᠵᠢᠯ ᠢ ᠬᠦᠴᠦᠯᠡᠨ ᠠᠬᠢᠭᠤᠯᠬᠤ ᠲᠤᠬᠠᠶ ᠰᠠᠨᠠᠯ︾ ᠢ ᠴᠢᠩᠭ᠎ᠠ | ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠰᠢᠨ᠎ᠡ ᠴᠠᠭ ᠦᠶ᠎ᠡ ᠶᠢᠨ ︽ | ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ︽ᠵᠠᠬᠢᠳᠠᠯ ᠰᠤᠷᠪᠤᠯᠵᠢᠯᠠᠭ᠎ᠠ ᠤᠨ ᠠᠵᠢᠯ ᠤᠨ | ᠲᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠲᠠᠰ ᠳᠠᠷᠠᠭᠠᠯᠠᠯ ᠪᠠ ᠪᠣᠳᠠᠲᠤ | ᠴᠣᠭᠴᠠ ᠶᠢ ᠵᠡᠷᠭᠡ ᠪᠠᠷ ᠴᠢᠬᠤᠯᠠᠴᠢᠯᠠᠬᠤ ᠲᠠᠢ ᠤᠶᠠᠯᠳᠤᠭᠤᠯᠵᠤ᠂ ᠵᠠᠬᠢᠳᠠᠯ ᠰᠤᠷᠪᠤᠯᠵᠢᠯᠠᠭ᠎ᠠ ᠤᠨ ᠠᠵᠢᠯ ᠤᠨ | ᠲᠣᠭᠲᠠᠭᠠᠯ ᠶᠣᠰᠣᠭᠠᠷ ᠬᠠᠤᠯᠢ ᠶᠣᠰᠣᠭᠠᠷ ᠵᠢᠷᠤᠮᠵᠢᠭᠤᠯᠤᠨ ᠠᠵᠢᠯᠯᠠᠭᠤᠯᠬᠤ᠂ ᠵᠠᠬᠢᠳᠠᠯ ᠰᠤᠷᠪᠤᠯᠵᠢᠯᠠᠭ᠎ᠠ ᠤᠨ | ᠠᠰᠠᠭᠤᠳᠠᠯ ᠢ ᠬᠠᠤᠯᠢ ᠶᠣᠰᠣᠭᠠᠷ ᠲᠥᠷᠥ ᠶᠢᠨ ᠪᠣᠳᠣᠯᠭ᠎ᠠ ᠶᠣᠰᠣᠭᠠᠷ ᠰᠢᠢᠳᠪᠤᠷᠢᠯᠡᠬᠦ ᠶᠢ ᠦᠨᠡᠨ ᠬᠦ ᠪᠠᠲᠤᠯᠠᠵᠤ᠂ | ᠠᠷᠠᠳ ᠣᠯᠠᠨ ᠤ ᠬᠦᠰᠡᠯ ᠱᠠᠭᠠᠷᠳᠠᠯᠭ᠎ᠠ ᠨᠢᠭᠡᠪᠦᠷᠢ ᠶᠢ ᠴᠥᠮ ᠬᠠᠤᠯᠢ ᠶᠣᠰᠣᠭᠠᠷ ᠠᠬᠢᠭᠤᠯᠬᠤ ᠶᠢ ᠦᠨᠡᠨ ᠬᠦ | ᠪᠠᠲᠤᠯᠠᠵᠤ᠂ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠨᠠᠩ ᠰᠠᠶᠢᠲᠤᠷ ᠬᠠᠮᠠᠭᠠᠯᠠᠬᠤ ᠬᠡᠷᠡᠭᠲᠡᠶ᠃ | ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠡᠯ᠎ᠡ | ᠲᠣᠭᠤᠷᠢᠭ ᠤᠨ ᠱᠠᠲᠤᠨ ᠤ ᠤᠳᠤᠷᠢᠳᠤᠯᠭ᠎ᠠ ᠬᠡᠷᠡᠭ ᠢ ᠳᠠᠭᠠᠭᠠᠴᠢᠯᠠᠬᠤ ᠬᠠᠷᠢᠭᠤᠴᠠᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠬᠢᠭᠰᠡᠳ ᠲᠠᠢ ᠰᠠᠨᠠᠭᠠᠴᠢᠯᠠᠭ᠎ᠠ ᠠᠴᠠ ᠪᠠᠨ ᠪᠣᠯᠵᠣᠨ ᠠᠭᠤᠯᠵᠠᠵᠤ᠂ | ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠰᠡᠳᠬᠢᠴᠡ ᠶᠢ ᠨᠠᠷᠢᠨ ᠬᠢᠨᠠᠮᠠᠭᠠᠶ ᠰᠤᠳᠤᠯᠵᠤ᠂ ᠵᠠᠬᠢᠳᠠᠯ | ᠰᠤᠷᠪᠤᠯᠵᠢᠯᠠᠭ᠎ᠠ ᠶᠢᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠶᠢ ᠦᠨᠡᠨᠬᠦ ᠴᠢᠩᠭᠠᠳᠬᠠᠵᠤ᠂ ᠬᠡᠷᠡᠭ ᠢ | ᠪᠦᠲᠦᠮᠵᠢᠲᠡᠶ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠶ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠢ | ᠭᠦᠨᠵᠡᠭᠡᠢ ᠠᠬᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠲᠦᠷᠢᠮ ᠢ ᠰᠠᠶᠢᠲᠤᠷ ᠬᠡᠷᠡᠭᠯᠡᠵᠦ᠂ | ᠬᠠᠷᠢᠭᠤᠴᠠᠯᠭ᠎ᠠ ᠶᠢ ᠱᠠᠳᠤ ᠳᠠᠷᠠᠭᠠᠯᠠᠨ ᠪᠣᠳᠠᠲᠠᠶᠢᠵᠢᠭᠤᠯᠵᠤ᠂ ︽ᠨᠢᠭᠡ ᠬᠡᠷᠡᠭ ᠨᠢᠭᠡ ᠲᠠᠩᠰᠠ ᠡᠪᠬᠡᠮᠡᠯ︾ ᠤᠨ | ᠪᠦᠷᠢᠨ ᠪᠦᠲᠦᠨ ᠠᠵᠢᠯ ᠤᠨ ᠪᠢᠲᠡᠭᠦᠦ ᠴᠠᠭᠠᠷᠢᠭ ᠢ ᠪᠦᠷᠢᠯᠳᠦᠭᠦᠯᠵᠦ᠂ ᠤᠯᠠᠨ ᠲᠦᠮᠡᠨ ᠤ ᠲᠤᠰᠬᠠᠭᠰᠠᠨ | ᠠᠰᠠᠭᠤᠳᠠᠯ ᠢ ᠦᠨᠳᠦᠰᠦᠨ ᠱᠠᠲᠤᠨ ᠤ ᠬᠠᠷᠢᠶ᠎ᠠ ᠣᠷᠣᠨ ᠳᠤ ᠵᠣᠯᠭᠠᠭᠤᠯᠬᠤ ᠬᠥᠮᠦᠨ ᠲᠠᠢ᠂ ᠬᠠᠮᠢᠶᠠᠷᠬᠤ | ᠬᠥᠮᠦᠨ ᠲᠠᠢ᠂ ᠰᠢᠢᠳᠪᠦᠷᠢᠯᠡᠬᠦ ᠬᠥᠮᠦᠨ ᠲᠠᠢ ᠪᠣᠯᠭᠠᠬᠤ ᠬᠡᠷᠡᠭᠲᠡᠢ᠃ ᠰᠢᠢᠳᠪᠦᠷᠢᠯᠡᠬᠦ ᠶᠠᠰᠤ ᠴᠢᠨᠠᠷ ᠦᠷ᠎ᠡ | ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠩᠬᠠᠨ ᠤ ᠰᠤᠷᠪᠤᠯᠵᠢᠯᠠᠭ᠎ᠠ ᠶᠢᠨ | ᠵᠦᠢᠯᠡᠰ ᠢ ᠵᠢᠷᠤᠮᠵᠢᠭᠤᠯᠤᠨ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠬᠠᠤᠯᠢᠵᠢᠯ ᠤᠨ ︽ᠵᠠᠮ ᠱᠤᠭᠤᠮ ᠤᠨ | ᠵᠢᠷᠤᠭ︾ ᠪᠠ ︽ᠬᠥᠲᠥᠯᠥᠨ ᠳᠠᠭᠠᠭᠤᠯᠬᠤ ᠵᠢᠷᠤᠭ︾ ᠢᠶᠠᠷ ︽ᠲᠠᠪᠤᠨ ᠬᠠᠤᠯᠢᠵᠢᠯ︾᠂ ︽ᠳᠥᠷᠪᠡ ᠶᠢ | ᠪᠣᠳᠠᠲᠠᠶᠢᠵᠢᠭᠤᠯᠬᠤ︾ ᠪᠠᠶᠢᠭᠤᠯᠤᠮᠵᠢ ᠲᠣᠭᠲᠠᠴᠠ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠵᠠᠬᠢᠳᠠᠯ | ᠰᠤᠷᠪᠤᠯᠵᠢᠯᠠᠭ᠎ᠠ ᠶᠢᠨ ᠵᠦᠢᠯᠡᠰ ᠨᠢᠭᠡᠪᠦᠷᠢ ᠶᠢ ᠴᠥᠮ ᠬᠠᠤᠯᠢᠵᠢᠯ ᠤᠨ ᠵᠠᠮ ᠢᠶᠠᠷ ᠭᠥᠯᠢᠶᠡᠨ ᠠᠪᠴᠤ ᠰᠢᠢᠳᠪᠦᠷᠢᠯᠡᠬᠦ᠂ | ᠰᠢᠢᠳᠪᠦᠷᠢᠯᠡᠬᠦ ᠪᠠ ᠰᠢᠯᠵᠢᠭᠦᠯᠬᠦ ᠶᠢ ᠦᠨᠡᠨ ᠬᠦ ᠪᠠᠲᠤᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ | ᠵᠢᠷᠤᠮᠵᠢᠭᠰᠠᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ | ᠬᠠᠮᠢᠶ᠎ᠠ ᠪᠦᠬᠦᠢ ᠲᠣᠭᠤᠷᠢᠭ ᠤᠨ ᠳᠡᠰ ᠤᠨ ᠤᠳᠤᠷᠢᠳᠤᠯᠭ᠎ᠠ᠂ ᠬᠠᠮᠲᠤᠷᠠᠭᠰᠠᠨ ᠬᠤᠷᠠᠯ ᠤᠨ ᠪᠦᠷᠢᠯᠳᠦᠬᠦᠨ | ᠨᠢᠭᠡᠴᠢ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠤ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | | | | ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ |