ᠢᠦᠢ ᠴᠢᠤᠸᠠᠨ ᠲᠣᠭᠤᠷᠢᠭ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠨᠠᠷᠡᠰ ᠤᠨ ᠬᠠᠷ᠎ᠠ ᠴᠠᠭᠠᠨ ᠳᠠᠩᠰᠠᠨ ᠤ ᠵᠠᠷᠯᠠᠯ
ᠨᠡᠶᠢᠲᠡᠯᠡᠭᠰᠡᠨ ᠴᠠᠭ᠄
2024/5/14
    ᠲᠥᠪ ᠤᠨ ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠲᠠᠰᠤᠷᠠᠯᠲᠠ ᠥᠬᠡᠶ ᠴᠢᠩᠭᠠᠷᠠᠭᠤᠯᠤᠨ᠂ ᠰᠤᠷᠤᠭᠴᠢᠳ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠬᠠᠤᠯᠢ ᠲᠣᠭᠲᠠᠭᠠᠯ ᠳᠤ ᠨᠡᠶᠢᠴᠡᠬᠦ ᠪᠤᠯᠪᠠᠰᠤᠷᠠᠯ ᠤᠨ ᠪᠠᠶᠢᠭᠤᠯᠤᠮᠵᠢ ᠳᠤ ᠣᠴᠢᠭᠤᠯᠤᠨ ᠪᠤᠯᠪᠠᠰᠤᠷᠠᠯ ᠳᠤ ᠣᠷᠣᠯᠴᠠᠭᠤᠯᠵᠤ᠂ ᠰᠤᠷᠤᠭᠴᠢᠳ ᠤᠨ ᠪᠡᠶ᠎ᠡ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠂ ᠥᠷᠭᠡᠨ ᠣᠯᠠᠨ ᠰᠣᠷᠣᠭᠴᠢ ᠶᠢᠨ ᠬᠡᠷ ᠤᠨ ᠠᠬᠠᠮᠠᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠶᠢᠨ ᠲᠤᠰᠠᠳᠠ᠂ 2023 ᠣᠨ ᠤ 11 ᠳ᠋ᠦ᠋ᠭᠡᠷ ᠰᠠᠷ᠎ᠠ ᠶᠢᠨ 14 ᠤ ᠡᠳᠦᠷ᠂ ᠮᠠᠨ ᠤ ᠲᠤᠭᠤᠷᠢᠭ ᠨᠢᠭᠡᠨᠲᠡ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠵᠦ ᠳᠡᠩᠰᠡᠯᠡᠵᠦ ᠪᠠᠲᠤᠯᠠᠭᠰᠠᠨ 7 ᠰᠢᠨᠵᠢᠯᠡᠭᠡᠨ ᠤ ᠪᠤᠰᠤ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢᠨ ︽ᠨᠠᠷᠡᠰ ᠤᠨ ᠴᠠᠭᠠᠨ ᠳᠠᠩᠰᠠ︾ ︵ᠨᠢᠭᠡᠳᠦᠭᠡᠷ ᠪᠦᠯᠦᠭ︶ ᠶᠢ ᠨᠡᠶᠢᠭᠡᠮ ᠳᠤ ᠨᠡᠶᠢᠲᠡᠯᠡᠪᠡ᠃ ᠡᠳᠦᠭᠡ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢᠨ ︽ᠨᠠᠷᠡᠰ ᠤᠨ ᠴᠠᠭᠠᠨ ᠳᠠᠩᠰᠠ︾ ︵ᠬᠤᠶᠠᠳᠤᠭᠠᠷ ᠪᠦᠯᠦᠭ︶ ᠶᠢ ᠨᠡᠶᠢᠭᠡᠮ ᠳᠤ ᠨᠡᠶᠢᠲᠡᠯᠡᠬᠦ ᠶᠢᠨ ᠬᠠᠮᠲᠤ᠂ ᠮᠠᠨ ᠤ ᠲᠤᠭᠤᠷᠢᠭ ᠤᠨ ᠦᠨᠡᠮᠯᠡᠯ ᠥᠬᠡᠶ᠂ ᠠᠮᠤᠷ ᠲᠦᠪᠰᠢᠨ ᠤ ᠳᠠᠯᠳᠠ ᠬᠡᠮ ᠤᠷᠤᠰᠢᠭᠰᠠᠨ᠂ ᠬᠠᠤᠯᠢ ᠲᠣᠭᠲᠠᠭᠠᠯ ᠠᠴᠠ ᠵᠥᠷᠢᠴᠡᠨ ᠪᠤᠯᠪᠠᠰᠤᠷᠠᠯ ᠥᠷᠨᠢᠭᠦᠯᠦᠭᠰᠡᠨ ᠪᠠᠶᠢᠭᠤᠯᠤᠮᠵᠢ ᠶᠢᠨ ︽ᠨᠠᠷᠡᠰ ᠤᠨ ᠬᠠᠷ᠎ᠠ ᠲᠠᠩᠰᠠ︾ ᠶᠢ ᠬᠠᠮᠲᠤ ᠳᠤᠨᠢ ᠨᠡᠶᠢᠲᠡᠯᠡᠨ᠎ᠡ᠃      ᠥᠷᠭᠡᠨ ᠣᠯᠠᠨ ᠰᠤᠷᠤᠭᠴᠢᠳ ᠤᠨ ᠭᠡᠷ ᠤᠨ ᠠᠬᠠᠮᠠᠳ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠪᠣᠯᠤᠨ ᠴᠢᠳᠠᠪᠤᠷᠢᠲᠠᠨ ᠪᠣᠯᠬᠤ ᠦᠵᠡᠯᠲᠡ ᠶᠢ ᠲᠠᠰᠤᠷᠠᠯᠲᠠ ᠦᠭᠡᠢ ᠪᠤᠢ ᠪᠣᠯᠭᠠᠵᠤ᠂ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠠᠯᠠᠮᠵᠢᠯᠠᠵᠤ᠂ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠯ ᠤᠨ ᠦᠢᠯᠡᠳᠦᠯ ᠢ ᠵᠥᠪ ᠢᠶᠠᠷ ᠲᠠᠨᠢᠬᠤ ᠶᠢ ᠬᠦᠰᠡᠵᠦ ᠪᠠᠶᠢᠨ᠎ᠠ᠃ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢ ᠣᠶᠤᠨᠴᠢ ᠪᠠᠷ ᠰᠣᠩᠭᠤᠵᠤ᠂ ᠰᠣᠬᠤᠷ ᠪᠠᠯᠠᠶ ᠪᠠᠷ ᠰᠤᠷᠲᠠᠯ ᠢ ᠳᠠᠭᠠᠵᠤ᠂ ᠠᠳᠠᠭᠠᠷᠬᠠᠨ ᠠᠳᠠᠯᠢᠳᠬᠠᠬᠤ ᠥᠬᠡᠶ᠂ ︽ᠬᠠᠷ᠎ᠠ ᠳᠠᠩᠰᠠ︾ ᠶᠢᠨ ᠪᠠᠶᠢᠭᠤᠯᠤᠮᠵᠢ ᠪᠤᠶᠤ ᠬᠢᠨᠠᠨ ᠵᠥᠪᠰᠢᠶᠡᠷᠡᠭᠦᠯᠦᠭᠡᠳᠦᠶ ᠪᠤᠯᠪᠠᠰᠤᠷᠠᠯ ᠤᠨ ᠪᠠᠶᠢᠭᠤᠯᠤᠮᠵᠢ ᠶᠢᠨ ᠪᠤᠯᠪᠠᠰᠤᠷᠠᠯ ᠳᠤ ᠤᠷᠤᠯᠴᠠᠬᠤ ᠦᠭᠡᠢ ᠪᠠᠶᠢᠵᠤ᠂ ︽ᠵᠣᠭᠤᠰ ᠣᠷᠢᠶᠠᠵᠤ ᠭᠦᠶᠦᠬᠦ︾ ︽ᠰᠦᠢᠳᠬᠡᠯ ᠪᠤᠴᠠᠭᠠᠬᠤ ᠳᠤ ᠬᠦᠴᠢᠷ︾ ᠵᠡᠷᠭᠡ ᠠᠰᠠᠭᠤᠳᠠᠯ ᠭᠠᠷᠬᠤ ᠶᠢ ᠰᠡᠷᠭᠡᠶᠢᠯᠡᠨ᠂ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠦᠨᠡᠨᠬᠦ ᠬᠠᠮᠠᠭᠠᠯᠠᠬᠤ ᠬᠡᠷᠡᠭᠲᠡᠶ᠃ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠮᠲᠤ ᠶᠢᠨ ᠴᠢᠷᠮᠠᠶᠢᠯᠭ᠎ᠠ ᠪᠠᠷ ᠳᠠᠮᠵᠢᠭᠤᠯᠤᠨ᠂ ᠮᠠᠨ ᠤ ᠲᠤᠭᠤᠷᠢᠭ ᠤᠨ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢᠨ ᠵᠢᠷᠤᠮᠵᠢᠭᠤᠨ᠂ ᠡᠮᠬᠢ ᠵᠢᠷᠤᠮ ᠲᠠᠢ᠂ ᠡᠷᠡᠭᠦᠯ ᠢᠶᠠᠷ ᠬᠥᠭᠵᠢᠬᠦ ᠶᠢ ᠨᠠᠩ ᠰᠠᠶᠢᠲᠤᠷ ᠠᠬᠢᠭᠤᠯᠬᠤ ᠶᠢ ᠬᠦᠰᠡᠵᠦ ᠪᠠᠶᠢᠨ᠎ᠠ᠃      ᠨᠡᠶᠢᠭᠡᠮ ᠤᠨ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 0471 — 2942506 ︵ᠢᠦᠶ ᠴᠢᠤᠸᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ︶      0471 — 4939850 ︵ᠢᠦᠶ ᠴᠢᠤᠸᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ︶      ᠢᠦᠢ ᠴᠢᠤᠸᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ      ᠢᠦᠢ ᠴᠢᠤᠸᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ
         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号