ᠺᠠᠩ ᠵᠢᠤᠢ ᠨᠡᠶᠢᠭᠡᠮ ᠲᠣᠭᠤᠷᠢᠭ ᠬᠥᠷᠰᠢ ᠵᠡᠷᠭᠡᠯᠡᠳᠡᠭᠡ ᠶᠢᠨ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠥᠷᠨᠢᠭᠦᠯᠪᠡ
ᠨᠡᠶᠢᠲᠡᠯᠡᠭᠰᠡᠨ ᠴᠠᠭ᠄
2024/5/15
     ᠨᠡᠶᠢᠭᠡᠮ ᠲᠣᠭᠤᠷᠢᠭ ᠤᠨ ᠰᠣᠶᠣᠯ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠠᠭᠤᠭᠠᠯᠢ ᠠᠷᠠᠳ ᠤᠨ ᠵᠤᠭ᠎ᠠ ᠴᠡᠩᠭᠡᠯ ᠤᠨ ᠠᠮᠢᠳᠤᠷᠠᠯ ᠢ ᠪᠠᠶᠠᠯᠢᠭᠵᠢᠭᠤᠯᠵᠤ᠂ ᠬᠠᠷᠢᠶ᠎ᠠ ᠣᠷᠣᠨ ᠤ ᠭᠡᠷ ᠪᠦᠯᠢ ᠡᠶ᠎ᠡ ᠨᠠᠶᠢᠷᠲᠠᠶ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣ ᠪᠠᠨ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠯ ᠲᠠᠢ ᠠᠭᠤᠷ ᠠᠮᠢᠰᠬᠤᠯ ᠢ ᠪᠣᠶ ᠪᠤᠯᠭᠠᠬᠤ ᠶᠢᠨ ᠲᠦᠯᠦᠭᠡ᠂ ᠣᠶᠢᠷ᠎ᠠ ᠳᠤ᠂ ᠺᠠᠩ ᠵᠢᠤᠢ ᠨᠡᠶᠢᠭᠡᠮ ᠲᠣᠭᠤᠷᠢᠭ ᠬᠥᠷᠰᠢ ᠵᠡᠷᠭᠡᠯᠡᠳᠡᠭᠡ ᠶᠢᠨ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠥᠷᠨᠢᠭᠦᠯᠪᠡ᠃
     ᠲᠣᠰ ᠤᠳᠠᠭᠠᠨ ᠤ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠨᠡᠶᠢᠲᠡ 5  ᠬᠦᠭᠰᠢᠨ ᠵᠠᠯᠠᠭᠤ ᠳᠤ ᠲᠤᠬᠢᠷᠠᠭᠰᠠᠨ ᠲᠣᠭᠯᠠᠭᠠᠮ ᠤᠨ ᠲᠥᠷᠥᠯ ᠵᠦᠢᠯ ᠲᠣᠬᠢᠷᠠᠭᠤᠯᠵᠠᠶ᠃ ᠤᠷᠤᠯᠳᠤᠭᠠᠨ ᠳᠤ ᠣᠷᠣᠯᠴᠠᠭᠰᠠᠳ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠲᠤᠬᠠᠶ ᠶᠢᠨ ᠲᠠᠯᠠᠪᠤᠷ ᠤᠨ ᠦᠵᠡᠭᠴᠢᠳ ᠬᠦᠴᠦ ᠨᠡᠮᠡᠵᠦ᠂ ᠬᠠᠰᠬᠢᠷᠬᠤ ᠳᠠᠭᠤᠨ ᠲᠠᠰᠤᠷᠠᠯᠲᠠ ᠥᠬᠡᠶ ᠶᠠᠪᠤᠭᠳᠠᠪᠠ᠃ ᠤᠯᠠᠨ ᠢᠶᠠᠷ ᠢᠶᠠᠨ ᠰᠣᠨᠢᠷᠬᠠᠯᠲᠤ ᠬᠥᠳᠡᠯᠭᠡᠭᠡᠨ ᠤ ᠲᠦᠷᠦᠯ ᠵᠦᠢᠯ ᠤᠨ ᠠᠪᠴᠢᠷᠠᠭᠰᠠᠨ ᠪᠠᠶᠠᠷ ᠪᠠᠶᠠᠰᠤᠯ ᠢ ᠡᠳ᠋ᠯᠡᠵᠦ᠂ ᠭᠦᠨ ᠵᠤᠵᠠᠭᠠᠨ ᠪᠠᠶᠠᠷ ᠪᠠᠶᠠᠰᠬᠤᠯᠠᠩᠲᠤ ᠠᠭᠤᠷ ᠠᠮᠢᠰᠬᠤᠯ ᠳᠤ ᠰᠣᠭᠲᠣᠭᠤᠷᠠᠪᠠ᠃ ᠣᠯᠠᠨ ᠢᠶᠠᠷ ᠢᠶᠠᠨ ᠬᠥᠷᠰᠢ ᠵᠡᠷᠭᠡᠯᠡᠳᠡᠭᠡ ᠵᠡᠭᠡᠯᠢ ᠭᠤᠳᠤᠮᠵᠢ ᠲᠠᠢ ᠬᠠᠮᠲᠤ ᠤᠷᠤᠯᠳᠤᠵᠤ᠂ ᠬᠤᠭᠤᠷᠣᠨᠳᠣ ᠪᠠᠨ ᠨᠡᠩ ᠰᠠᠶᠢᠨ ᠤᠶᠢᠯᠠᠭᠠᠯᠴᠠᠵᠤ᠂ ᠪᠡᠶ᠎ᠡ ᠮᠠᠬᠠᠪᠣᠳ ᠢᠶᠠᠨ ᠪᠣᠯᠪᠠᠰᠤᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠬᠥᠷᠰᠢ ᠵᠡᠷᠭᠡᠯᠡᠳᠡᠭᠡ ᠶᠢᠨ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠡᠶᠢᠮᠦᠷᠬᠦ ᠠᠵᠢᠯᠯᠠᠭ᠎ᠠ ᠶᠢ ᠢᠯᠡᠭᠦᠬᠡᠨ ᠥᠷᠨᠢᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠵᠡᠭᠡᠪᠡ᠃
     ᠲᠣᠰ ᠤᠳᠠᠭᠠᠨ ᠤ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠨᠢ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠤᠨ ᠠᠵᠢᠯᠯᠠᠭ᠎ᠠ ᠳᠤ ᠣᠷᠣᠯᠴᠠᠬᠤ ᠢᠳᠡᠪᠬᠢᠵᠢᠯ ᠢ ᠳᠡᠭᠡᠭᠰᠢᠯᠡᠭᠦᠯᠵᠦ᠂ ᠣᠯᠠᠨ ᠤ ᠣᠷᠭᠢᠯᠤᠮ᠎ᠠ ᠬᠠᠯᠠᠭᠤᠨ ᠰᠡᠳᠬᠢᠯᠭᠡ ᠶᠢ ᠢᠯᠡᠷᠡᠭᠦᠯᠬᠦ ᠶᠢᠨ ᠬᠠᠮᠲᠤ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢ ᠨᠡᠮᠡᠭᠳᠡᠭᠦᠯᠵᠦ᠂ ᠰᠠᠭᠤᠭᠠᠯᠢ ᠠᠷᠠᠳ ᠤᠨ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号