ᠢᠦᠢ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ᠄ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠵᠦ ᠪᠥᠬᠦ ᠬᠦᠴᠦᠨ ᠢᠶᠠᠷ ᠢᠶᠠᠨ ᠰᠢᠨ᠎ᠡ ᠳᠦᠷᠰᠦ ᠪᠠᠶᠢᠳᠠᠯ ᠲᠠᠢ ᠪᠤᠯᠭᠠᠪᠠ
ᠨᠡᠶᠢᠲᠡᠯᠡᠭᠰᠡᠨ ᠴᠠᠭ᠄
2024/5/15
     ᠠᠶᠢᠯ ᠲᠣᠰᠬᠤᠨ ᠢ ᠴᠡᠪᠡᠷᠰᠢᠭᠦᠯᠬᠦ᠂ ᠭᠤᠶᠤᠵᠢᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠬᠥᠳᠡᠭᠡ ᠲᠣᠰᠬᠤᠨ ᠤ ᠬᠦᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠪᠡᠷ ᠲᠡᠭᠰᠢ ᠪᠠᠶᠢᠭᠰᠠᠨ ᠠᠴᠠ ᠠᠮᠢ ᠠᠬᠤᠶ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠪᠣᠯᠭᠠᠨ ᠬᠤᠪᠢᠷᠠᠭᠤᠯᠬᠤ ᠶᠢ ᠪᠡᠶᠡᠯᠡᠭᠦᠯᠬᠦ ᠶᠢᠨ ᠲᠦᠯᠦᠭᠡ᠂ ᠣᠶᠢᠷ᠎ᠠ ᠶᠢᠨ ᠨᠢᠭᠡ ᠭᠠᠷᠠᠭ ᠲᠤ᠂ ᠢᠦᠢ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠬᠥᠳᠡᠭᠡ ᠲᠣᠰᠬᠤᠨ ᠤ ᠬᠦᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠬᠦᠴᠦᠯᠡᠨ ᠰᠠᠶᠢᠵᠢᠷᠠᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠠᠶᠢᠯ ᠲᠣᠰᠬᠤᠨ ᠤ ᠠᠷᠢᠭᠤᠨ ᠴᠡᠪᠡᠷ ᠢ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ᠶᠢ ᠢᠳᠡᠪᠬᠢᠲᠡᠶ ᠠᠬᠢᠭᠤᠯᠵᠤ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠳᠤ ᠪᠥᠬᠦ ᠬᠦᠴᠦᠨ ᠢᠶᠠᠷ ᠢᠶᠠᠨ ᠬᠦᠴᠦ ᠨᠡᠮᠡᠷᠢᠯᠡᠪᠡ᠃
     ᠠᠵᠢᠯᠯᠠᠭ᠎ᠠ ᠶᠢᠨ ᠶᠠᠪᠤᠴᠠ ᠳᠤ᠂ ︽ᠳᠤᠲᠠᠭᠤᠳᠠᠯ ᠢ ᠨᠥᠬᠦᠪᠥᠷᠢᠯᠡᠬᠦ᠂ ᠪᠠᠯᠠᠢ ᠴᠡᠭ ᠢ ᠠᠷᠢᠯᠭᠠᠬᠤ᠂ ᠪᠠᠷᠢᠮᠵᠢᠶ᠎ᠠ ᠶᠢ ᠴᠢᠩᠭᠠᠳᠬᠠᠬᠤ᠂ ᠶᠠᠰᠤ ᠴᠢᠨᠠᠷ ᠢ ᠳᠡᠭᠡᠭᠰᠢᠯᠡᠭᠦᠯᠬᠦ︾ ᠶᠡᠷᠦᠩᠬᠡᠢ ᠰᠡᠳᠬᠢᠴᠡ ᠶᠣᠰᠣᠭᠠᠷ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠠᠯ᠎ᠠ ᠪᠠᠷ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠪᠣᠯᠤᠨ ᠪᠠᠭᠤᠷᠠᠢ ᠭᠤᠭᠴᠤᠭ᠎ᠠ ᠶᠢᠨ ᠲᠣᠭᠤᠷᠢᠨ ᠳᠤ᠂ ᠡᠮᠦᠨ᠎ᠡ ᠪᠠ ᠯᠢ ᠲᠤᠰᠬᠤᠨ᠂ ᠶᠡᠭᠡ ᠬᠦᠷᠢᠶ᠎ᠡ ᠲᠣᠰᠬᠤᠨ᠂ ᠪᠠᠷᠠᠭᠤᠨ ᠡᠯ ᠳ᠋ᠤᠤ ᠾᠧ ᠲᠣᠰᠬᠤᠨ ᠵᠡᠷᠭᠡ 16 ᠲᠣᠰᠬᠤᠨ ᠤ ᠵᠠᠮ ᠤᠨ ᠭᠤᠣᠯ ᠱᠤᠭᠤᠮ᠂ ᠭᠡᠷ ᠪᠠᠶᠢᠰᠢᠩ ᠤᠨ ᠡᠮᠦᠨ᠎ᠡ ᠬᠤᠶᠢᠨ᠎ᠠ ᠪᠠᠶᠢᠭ᠎ᠠ ᠭᠠᠵᠠᠷ᠂ ᠭᠤᠣᠯ ᠤᠨ ᠲᠠᠩ ᠭᠤᠤ ᠰᠤᠪᠠᠭ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠷᠢᠭᠤᠨ ᠴᠡᠪᠡᠷ ᠤᠨ ᠥᠨᠴᠥᠭ ᠪᠤᠯᠤᠩ ᠢ ᠨᠢᠭᠡᠳ ᠨᠢᠭᠡ ᠪᠠᠷ ᠪᠠᠶᠢᠴᠠᠭᠠᠵᠤ᠂ ᠲᠠᠷᠢᠶᠠᠨ ᠭᠠᠵᠠᠷ ᠲᠤ ᠬᠤᠯᠠᠭᠠᠶᠢᠯᠠᠵᠤ ᠳᠤᠷ᠎ᠠ ᠪᠠᠷ ᠢᠶᠠᠨ ᠬᠤᠭ ᠨᠤᠪᠰᠢ ᠬᠠᠶᠠᠭᠰᠠᠨ 23 ᠭᠠᠵᠠᠷ ᠢ ᠢᠯᠡᠷᠡᠭᠦᠯᠦᠭᠰᠡᠨ ᠪᠥᠭᠡᠳ ᠴᠡᠪᠡᠷᠯᠡᠭᠴᠢ ᠶᠢ 154 ᠬᠥᠮᠦᠨ ᠤᠳᠠᠭ᠎ᠠ᠂ ᠭᠤᠬᠠᠲᠤ ᠮᠠᠰᠢᠨ 5 ᠰᠠᠤᠷᠢ ᠤᠳᠠᠭ᠎ᠠ᠂ ᠠᠴᠢᠶᠠᠯᠠᠪᠤᠷᠢ ᠶᠢᠨ ᠮᠠᠰᠢᠨ 7 ᠰᠠᠤᠷᠢ ᠤᠳᠠᠭ᠎ᠠ᠂ ᠨᠣᠭᠤᠭᠠᠨ ᠬᠠᠯᠢᠰᠤᠲᠤ ᠬᠥᠷᠪᠡᠭᠦᠯᠬᠦ ᠲᠡᠷᠭᠡ 6 ᠰᠠᠤᠷᠢ ᠤᠳᠠᠭ᠎ᠠ᠂ ᠭᠤᠯᠭᠤᠭᠤᠷ ᠲᠡᠷᠭᠡ ᠶᠢ 7 ᠰᠠᠤᠷᠢ ᠤᠳᠠᠭ᠎ᠠ ᠵᠤᠬᠢᠶᠠᠨ ᠪᠠᠶᠢᠭᠤᠯᠵᠤ᠂ ᠨᠢᠭᠡᠳ ᠨᠢᠭᠡ ᠪᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠂ ᠳᠤᠷ᠎ᠠ ᠪᠠᠷ ᠢᠶᠠᠨ ᠬᠤᠭ ᠨᠣᠪᠰᠢ ᠬᠠᠶᠠᠭᠰᠠᠨ᠂ ᠬᠤᠭᠤᠰᠣᠨ ᠭᠠᠵᠠᠷ ᠬᠤᠭ ᠨᠣᠪᠰᠢ ᠣᠪᠣᠭᠠᠯᠠᠭᠰᠠᠨ 17 ᠭᠠᠵᠠᠷ 268 ᠲᠤᠨ ᠵᠡᠷᠭᠡ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠵᠠᠰᠠᠪᠠ᠃ ᠦᠯᠡᠳᠡᠭᠰᠡᠨ 6 ᠭᠠᠵᠠᠷ ᠢ ᠨᠢᠭᠡ ᠭᠠᠷᠠᠭ ᠤᠨ ᠴᠠᠭ ᠢ ᠠᠰᠢᠭᠯᠠᠨ ᠴᠡᠭᠴᠡᠯᠡᠨ ᠵᠠᠰᠠᠬᠤ ᠪᠠᠷ ᠲᠥᠯᠥᠪᠯᠡᠵᠦ ᠪᠠᠶᠢᠨ᠎ᠠ᠃ ᠡᠭᠦᠨ ᠠᠴᠠ ᠭᠠᠳᠠᠨ᠎ᠠ᠂ ᠠᠶᠢᠯ ᠲᠣᠰᠬᠤᠨ ᠤ ᠭᠤᠤᠯ ᠵᠡᠭᠡᠯᠢ ᠭᠤᠳᠤᠮᠵᠢ ᠶᠢᠨ ᠴᠡᠪᠡᠷᠯᠡᠨ ᠠᠷᠢᠯᠭᠠᠬᠤ ᠨᠣᠷᠮ᠎ᠠ ᠶᠢ ᠰᠠᠶᠢᠲᠤᠷ ᠪᠠᠲᠤᠯᠠᠭᠰᠠᠨ ᠰᠠᠭᠤᠷᠢᠨ ᠳᠡᠭᠡᠷ᠎ᠡ᠂ ᠴᠡᠭᠴᠡᠯᠡᠨ ᠵᠠᠰᠠᠭᠰᠠᠨ ᠤ ᠳᠠᠷᠠᠭᠠᠬᠢ ᠣᠷᠣᠨ ᠪᠦᠰᠡ ᠳᠤ ᠪᠠᠶᠢᠩᠭᠤ ᠶᠢᠨ ᠴᠢᠨᠠᠷᠲᠠᠶ ᠠᠷᠢᠭᠤᠨ ᠴᠡᠪᠡᠷ ᠢ ᠬᠡᠷᠡᠭᠵᠢᠭᠦᠯᠵᠦ᠂ ᠵᠠᠮ ᠳᠠᠭᠠᠤ ᠶᠢᠨ ᠡᠳᠦᠷ ᠲᠤᠲᠤᠮ ᠤᠨ ᠲᠣᠭᠤᠷᠢᠨ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠬᠥᠳᠡᠭᠡ ᠲᠣᠰᠬᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠢᠶᠠᠷᠤᠨ ᠬᠠᠮᠠᠭᠠᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠂ ᠴᠡᠭᠴᠡᠯᠡᠨ ᠵᠠᠰᠠᠬᠤ ᠦᠷ᠎ᠡ ᠪᠦᠲᠦᠮᠵᠢ ᠶᠢ ᠣᠷᠳᠣ ᠬᠤᠭᠤᠴᠠᠭ᠎ᠠ ᠪᠠᠷ ᠪᠦᠲᠦᠮᠵᠢᠲᠡᠶ ᠪᠠᠲᠤᠯᠠᠬᠤ ᠶᠢ ᠦᠨᠡᠨᠬᠦ ᠪᠠᠲᠤᠯᠠᠪᠠ᠃
     ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠨ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠢ ᠪᠠᠬᠢᠵᠢᠭᠦᠯᠦᠨ ᠳᠡᠭᠡᠭᠰᠢᠯᠡᠭᠦᠯᠵᠦ᠂ ᠤᠯᠠᠨ ᠲᠦᠮᠡᠨ ᠳᠤ ᠦᠵᠡᠰᠬᠦᠯᠡᠩᠲᠦ ᠰᠠᠶᠢᠬᠠᠨ ᠲᠠᠭᠠᠯᠠᠮᠵᠢᠲᠠᠢ ᠭᠡᠷ ᠣᠷᠣᠨ ᠢ ᠴᠢᠷᠮᠠᠶᠢᠨ ᠪᠠᠶᠢᠭᠤᠯᠵᠤ ᠥᠭᠭᠦᠨ᠎ᠡ᠃
          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号