ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠡᠤ ᠯᠢ ᠶᠢᠩ ᠬᠤᠷᠢᠶᠠᠯᠠᠯ ᠤᠨ ᠰᠠᠭᠤᠭᠠᠯᠢ ᠠᠷᠠᠳ ᠤᠨ | ᠲᠥᠯᠥᠭᠡᠯᠡᠭᠴᠢ ︽ᠪᠣᠯᠪᠠᠰᠤᠨ ᠢᠶᠠᠷ ᠬᠠᠤᠯᠢ ᠬᠡᠷᠡᠭᠵᠢᠭᠦᠯᠵᠦ᠂ ᠬᠠᠯᠠᠭᠤᠮᠰᠤᠭ ᠢᠶᠠᠷ ᠦᠢᠯᠡᠴᠢᠯᠡᠵᠦ᠂ ᠠᠷᠠᠳ ᠣᠯᠠᠨ | ᠲᠠᠢ ᠰᠡᠳᠬᠢᠯ ᠵᠢᠷᠦᠬᠡ ᠪᠠᠨ ᠬᠤᠯᠪᠣᠵᠤ᠂ ᠠᠷᠠᠳ ᠤᠨ ᠠᠮᠢᠳᠤᠷᠠᠯ ᠢ ᠬᠠᠯᠠᠮᠵᠢᠯᠠᠶ᠎ᠠ︾ ᠭᠡᠬᠦ ᠬᠡᠮᠡᠷᠯᠢᠭ ᠲᠤᠭ ᠢ ᠢᠦᠶ | ᠴᠢᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠳᠤ ᠬᠦᠷᠭᠡᠵᠦ᠂ ᠢᠦᠶ ᠴᠢᠤᠸᠠᠨ | ᠲᠤᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠭᠡᠰᠢᠭᠦᠳ ᠤᠨ ᠢᠮᠠᠭᠲᠠ ᠣᠯᠠᠨ ᠲᠦᠮᠡᠨ ᠲᠠᠢ ᠰᠡᠳᠬᠢᠯ | ᠵᠢᠷᠦᠬᠡ ᠪᠠᠨ ᠬᠤᠯᠪᠣᠵᠤ᠂ ᠬᠠᠯᠠᠭᠤᠮᠰᠤᠭ ᠢᠶᠠᠷ ᠦᠢᠯᠡᠴᠢᠯᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ | | | | | ᠢᠦᠢ ᠴᠢᠤᠸᠠᠨ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ | ᠠᠵᠢᠯᠲᠠᠳ ᠲᠣᠭᠤᠷᠢᠨ ᠪᠠᠶᠢᠴᠠᠭᠠᠭᠠᠳ ᠡᠦ ᠯᠢ ᠶᠢᠩ ᠵᠡᠭᠦᠨ ᠬᠤᠷᠢᠶᠠᠯᠠᠯ ᠤᠨ ᠡᠭᠦᠳᠡᠨ ᠳᠤ ᠬᠦᠷᠬᠦ ᠳᠤ᠂ | ᠬᠠᠮᠲᠤ ᠪᠠᠷ ᠡᠳ᠋ᠯᠡᠬᠦ ᠳᠤᠭᠤᠶ ᠲᠡᠷᠭᠡ ᠶᠢ ᠳᠤᠷ᠎ᠠ ᠪᠠᠷ ᠢᠶᠠᠨ ᠵᠣᠭᠰᠣᠭᠠᠬᠤ ᠦᠵᠡᠭᠳᠡᠯ ᠣᠷᠣᠰᠢᠵᠤ᠂ ᠰᠠᠭᠤᠭᠠᠯᠢ | ᠠᠷᠠᠳ ᠤᠨ ᠣᠷᠣᠵᠤ ᠭᠠᠷᠬᠤ ᠶᠢ ᠨᠥᠯᠥᠭᠡᠯᠡᠪᠡ᠃ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ | ᠨᠠᠷᠢᠨ ᠬᠢᠨᠠᠮᠠᠭᠠᠶ ᠰᠤᠳᠤᠯᠤᠨ ᠮᠠᠭᠠᠳᠯᠠᠬᠤ ᠪᠠᠷ ᠳᠡᠮᠵᠢᠨ᠂ ᠪᠣᠳᠠᠲᠤ ᠪᠠᠶᠢᠳᠠᠯ ᠢᠶᠠᠨ ᠦᠨᠳᠦᠰᠦᠯᠡᠨ ᠬᠥᠳᠡᠯᠦᠩᠭᠦᠶ | ᠬᠠᠮᠢᠶᠠᠷᠤᠯᠲᠠ ᠬᠢᠵᠦ᠂ ︽ᠬᠤᠲᠠ ᠶᠢᠨ ᠠᠷᠠᠳ ᠲᠤ ᠬᠡᠷᠡᠭᠴᠡᠭᠡ ᠲᠠᠢ ᠪᠤᠯ ᠡᠷᠬᠡᠪᠰᠢ ᠳᠣᠭᠢᠷᠠᠭᠤᠯᠬᠤ︾ ᠵᠠᠷᠴᠢᠮ | ᠶᠣᠰᠣᠭᠠᠷ᠂ ᠬᠠᠮᠲᠤ ᠪᠠᠷ ᠡᠳ᠋ᠯᠡᠬᠦ ᠳᠤᠭᠤᠶ ᠲᠡᠷᠭᠡ ᠶᠢᠨ ᠵᠣᠭᠰᠣᠭᠠᠬᠤ ᠴᠡᠭ ᠲᠤ ᠰᠢᠨᠵᠢᠯᠡᠬᠦ ᠤᠬᠠᠭᠠᠨᠴᠢ ᠪᠠᠷ | ᠲᠣᠬᠢᠷᠠᠭᠤᠯᠤᠯᠲᠠ ᠬᠢᠵᠦ᠂ ᠬᠤᠷᠢᠶᠠᠯᠠᠯ ᠤᠨ ᠰᠠᠭᠤᠭᠠᠯᠢ ᠠᠷᠠᠳ ᠤᠨ ᠬᠡᠪ ᠤᠨ ᠶᠣᠰᠣᠭᠠᠷ ᠬᠡᠷᠡᠭᠯᠡᠬᠦ ᠳᠤ ᠲᠥᠬᠦᠮ | ᠦᠵᠡᠭᠦᠯᠦᠭᠰᠡᠨ ᠮᠥᠷᠲᠡᠭᠡᠨ ᠪᠠᠰᠠ ᠰᠠᠶᠢᠨ ᠰᠠᠶᠢᠬᠠᠨ ᠬᠤᠲᠠ ᠶᠢᠨ ᠳᠦᠷᠢ ᠲᠥᠷᠬᠦ ᠶᠢᠨ ᠡᠮᠬᠢ ᠵᠢᠷᠤᠮ ᠢ | ᠬᠠᠮᠠᠭᠠᠯᠠᠭᠰᠠᠨ ᠪᠠᠶᠢᠨ᠎ᠠ᠃ | ᠢᠦᠢ ᠴᠢᠤᠸᠠᠨ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠲᠤᠪᠴᠢᠶ᠎ᠠ ᠢᠮᠠᠭᠲᠠ ᠠᠷᠠᠳ ᠲᠦᠮᠡᠨ ᠢ | ᠳᠡᠭᠡᠳᠦᠯᠡᠬᠦ ᠦᠢᠯᠡᠴᠢᠯᠡᠭᠡᠨ ᠤ ᠵᠣᠷᠢᠯᠲᠠ ᠶᠢ ᠪᠠᠷᠢᠮᠲᠠᠯᠠᠵᠤ᠂ ᠬᠤᠳᠠ ᠶᠢᠨ ᠬᠠᠮᠢᠶᠠᠷᠤᠯᠲᠠ ᠶᠢ ᠰᠡᠳᠬᠢᠯ ᠲᠠᠯᠪᠢᠨ | ᠰᠠᠶᠢᠲᠤᠷ ᠬᠢᠬᠦ ᠶᠢᠨ ᠬᠠᠮᠲᠤ ᠪᠠᠰᠠ ᠠᠷᠠᠳ ᠲᠦᠮᠡᠨ ᠳᠤ ᠦᠢᠯᠡᠴᠢᠯᠡᠬᠦ ᠶᠢ ᠪᠣᠳᠠᠲᠠᠢ ᠨᠠᠷᠢᠯᠢᠭ ᠬᠢᠵᠦ᠂ ᠤᠯᠠᠨ | ᠲᠦᠮᠡᠨ ᠤ ︽ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠳᠤ | ᠰᠠᠭᠤᠷᠢᠯᠠᠵᠤ᠂ ᠪᠣᠳᠠᠲᠠᠢ ᠶᠠᠪᠤᠳᠠᠯ ᠢ ᠰᠠᠶᠢᠲᠤᠷ ᠬᠢᠵᠦ᠂ ᠰᠠᠶᠢᠨ ᠶᠠᠪᠤᠳᠠᠯ ᠢ ᠪᠣᠳᠠᠲᠠᠢ ᠬᠢᠵᠦ᠂ ᠤᠯᠠᠨ ᠲᠦᠮᠡᠨ ᠤ | ᠰᠡᠳᠬᠢᠯ ᠳᠤ ᠬᠠᠳᠠᠩᠰᠢᠭᠤᠯᠵᠤ᠂ ᠪᠠᠲᠤ ᠰᠠᠬᠢᠬᠤ ᠪᠠ ᠬᠦᠴᠦ ᠣᠷᠣᠭᠤᠯᠵᠤ᠂ ᠬᠠᠷᠢᠭᠤᠴᠠᠯᠭ᠎ᠠ ᠪᠠ ᠡᠭᠦᠷᠭᠡᠯᠡᠯ ᠢ | ᠲᠠᠶᠢᠯᠪᠤᠷᠢᠯᠠᠬᠤ ᠪᠠᠷ ᠴᠢᠷᠮᠠᠶᠢᠪᠠ᠃ ᠵᠠᠯᠭᠠᠭᠠᠳ᠂ ᠢᠦᠶ ᠴᠢᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ | ᠲᠣᠪᠴᠢᠶ᠎ᠠ ︽ᠠᠷᠠᠳ ᠤᠨ ᠬᠤᠲᠠ ᠶᠢᠨ ᠬᠠᠮᠢᠶᠠᠷᠤᠯᠲᠠ ᠪᠤᠯᠵᠤ᠂ ᠠᠷᠠᠳ ᠲᠦᠮᠡᠨ ᠳᠤ ᠲᠠᠭᠠᠰᠢᠶᠠᠭᠳᠠᠬᠤ︾ | ᠠᠵᠢᠯ ᠤᠨ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ | ᠥᠬᠡᠶ ᠳᠡᠭᠡᠭᠰᠢᠯᠡᠭᠦᠯᠦᠨ᠂ ᠬᠤᠲᠠ ᠶᠢ ᠨᠠᠩ ᠰᠠᠶᠢᠨ ᠰᠠᠶᠢᠬᠠᠨ ᠪᠣᠯᠭᠠᠵᠤ᠂ ᠣᠯᠠᠨ ᠲᠦᠮᠡᠨ ᠢ ᠨᠠᠩ ᠬᠠᠨᠤᠮᠵᠢᠲᠠᠶ | ᠪᠣᠯᠭᠠᠨ᠎ᠠ᠃ | | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | |