ᠨᠦᠬᠦᠷᠯᠡᠯ ᠨᠡᠶᠢᠭᠡᠮ ᠲᠣᠭᠤᠷᠢᠭ ᠬᠠᠷᠢᠶᠠᠲᠤ ᠣᠷᠣᠨ ᠤ ᠨᠠᠰᠤᠲᠠᠶᠢᠴᠤᠳ ᠲᠤ ᠬᠠᠮᠲᠤ ᠶᠢᠨ ᠲᠥᠷᠥᠭᠰᠡᠨ ᠡᠳᠦᠷ ᠤᠨ ᠴᠤᠭᠯᠠᠭᠠᠨ ᠡᠷᠭᠢᠯᠡᠪᠡ
ᠨᠡᠶᠢᠲᠡᠯᠡᠭᠰᠡᠨ ᠴᠠᠭ᠄
2024/5/16
     ᠣᠶᠢᠷ᠎ᠠ ᠳᠤ᠂ ᠨᠥᠬᠦᠷᠯᠡᠯ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡ ᠨᠢᠭᠡ ᠤᠳᠠᠭᠠᠨ ᠤ ᠥᠪᠡᠷᠮᠢᠴᠡ ᠣᠨᠴᠠᠯᠢᠭ ᠲᠠᠢ ᠨᠠᠰᠤᠲᠠᠶᠢᠴᠤᠳ ᠤᠨ ᠬᠠᠮᠲᠤ ᠶᠢᠨ ᠲᠥᠷᠥᠭᠰᠡᠨ ᠡᠳᠦᠷ ᠤᠨ ᠴᠤᠭᠯᠠᠭᠠᠨ ᠢ ᠡᠷᠭᠢᠯᠡᠪᠡ᠃ ᠡᠨᠡ ᠪᠣᠯ ᠲᠤᠰ ᠨᠡᠶᠢᠭᠡᠮ ᠲᠣᠭᠤᠷᠢᠭ ᠤᠨ ᠡᠷᠬᠢᠯᠡᠭᠰᠡᠨ ᠳᠣᠯᠣᠳᠤᠭᠠᠷ ᠤᠳᠠᠭᠠᠨ ᠤ ᠬᠠᠮᠲᠤ ᠶᠢᠨ ᠲᠥᠷᠥᠭᠰᠡᠨ ᠡᠳᠦᠷ ᠤᠨ ᠴᠤᠭᠯᠠᠭᠠᠨ ᠪᠣᠯᠤᠨ᠎ᠠ᠂ ᠠᠵᠢᠯᠯᠠᠭ᠎ᠠ ᠥᠷᠨᠢᠭᠦᠯᠦᠭᠰᠡᠨ ᠠᠴᠠ ᠨᠠᠭᠠᠰᠢ᠂ ᠨᠢᠭᠡᠨᠲᠡ ᠵᠢᠷᠭᠤᠭᠠᠨ ᠲᠠᠯᠠᠪᠤᠷ ᠠᠮᠵᠢᠯᠲᠠ ᠲᠠᠢ ᠡᠷᠬᠢᠯᠡᠵᠦ᠂ ᠲᠠᠯᠠᠪᠠᠢ ᠪᠦᠷᠢ ᠳᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠳᠤᠷ᠎ᠠ ᠪᠠᠬ᠎ᠠ ᠶᠢ ᠶᠡᠬᠡᠳᠡ ᠲᠠᠲᠠᠭᠰᠠᠨ ᠪᠠᠶᠢᠨ᠎ᠠ᠃
     ᠬᠦᠳᠡᠯᠭᠡᠭᠡᠨ ᠤ ᠡᠬᠢᠨ ᠳᠤ᠂ ᠨᠡᠶᠢᠭᠡᠮ ᠲᠣᠭᠤᠷᠢᠭ ᠤᠨ ᠠᠵᠢᠯᠲᠠᠳ ᠣᠯᠠᠨ ᠳᠤ ᠲᠥᠷᠥᠭᠰᠡᠨ ᠡᠳᠦᠷ ᠤᠨ ᠮᠠᠯᠠᠭᠠᠢ ᠵᠡᠭᠦᠯᠭᠡᠭᠰᠡᠨ ᠪᠥᠭᠡᠳ ᠬᠠᠮᠲᠤ ᠪᠠᠷ ᠲᠦᠷᠦᠭᠰᠡᠨ ᠡᠳᠦᠷ ᠤᠨ ᠪᠠᠶᠠᠷ ᠤᠨ ᠳᠠᠭᠤᠤ ᠳᠠᠭᠤᠯᠠᠪᠠ᠃ ᠳᠠᠭᠤᠤ ᠶᠢᠨ ᠠᠶᠠᠰ ᠴᠤᠤᠷᠢᠶᠠᠲᠤᠬᠤ ᠶᠢ ᠳᠠᠭᠠᠯᠳᠤᠨ᠂ ᠲᠤᠬᠠᠶ ᠶᠢᠨ ᠲᠠᠯᠠᠪᠠᠢ ᠶᠢᠨ ᠠᠭᠤᠷ ᠠᠮᠢᠰᠬᠤᠯ ᠣᠷᠭᠢᠯ ᠳᠤ ᠪᠠᠨ ᠬᠦᠷᠪᠡ᠃ ᠳᠠᠷᠠᠭ᠎ᠠ ᠨᠢ᠂ ᠰᠠᠶᠢᠨ ᠳᠤᠷ᠎ᠠ ᠶᠢᠨ ᠦᠢᠯᠡᠴᠢᠯᠡᠭᠴᠢᠳ ᠣᠯᠠᠨ ᠳᠤ ᠲᠦᠷᠦᠭᠰᠡᠨ ᠡᠳᠦᠷ ᠤᠨ ᠪᠣᠭᠤᠷᠰᠤᠭ ᠪᠣᠯᠤᠨ ᠪᠠᠶᠠᠷ ᠤᠨ ᠡᠳᠦᠷ ᠤᠨ ᠪᠡᠯᠡᠭ ᠬᠦᠷᠭᠡᠵᠦ᠂ ᠨᠠᠰᠤᠲᠠᠶᠢᠴᠤᠳ ᠲᠤ ᠪᠠᠶᠠᠷ ᠪᠠᠶᠠᠰᠬᠤᠯᠠᠩᠲᠤ ᠲᠠᠭᠤᠨ ᠳᠤᠮᠳᠠ ᠨᠡᠶᠢᠭᠡᠮ ᠲᠣᠭᠤᠷᠢᠭ ᠤᠨ ᠬᠠᠶᠢᠷ᠎ᠠ ᠬᠠᠯᠠᠮᠵᠢ ᠶᠢ ᠮᠡᠳᠡᠷᠡᠭᠦᠯᠪᠡ᠃
     ᠬᠤᠪᠢᠶᠠᠯᠴᠠᠨ ᠡᠳ᠋ᠯᠡᠬᠦ ᠶᠠᠪᠤᠴᠠ ᠳᠤ᠂ ᠣᠯᠠᠨ ᠢᠶᠠᠷ ᠢᠶᠠᠨ ᠬᠤᠶᠢᠨ᠎ᠠ ᠬᠤᠶᠢᠨ᠎ᠠ ᠠᠴᠠ ᠪᠠᠨ ᠶᠠᠷᠢᠶ᠎ᠠ ᠲᠠᠯᠪᠢᠵᠤ᠂ ᠥᠪᠡᠷ ᠤᠨ ᠣᠯᠠᠨ ᠵᠢᠯ ᠤᠨ ᠨᠡᠶᠢᠭᠡᠮ ᠲᠣᠭᠤᠷᠢᠭ ᠲᠤ ᠠᠮᠢᠳᠤᠷᠠᠵᠤ ᠪᠠᠶᠢᠭ᠎ᠠ ᠳᠤᠷ᠎ᠠ ᠰᠣᠨᠢᠷᠬᠠᠯ ᠪᠠ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠰᠡᠳᠬᠢᠯ ᠬᠥᠳᠡᠯᠭᠡᠮ᠎ᠡ ᠦᠯᠢᠭᠡᠷ ᠢᠶᠠᠨ ᠬᠤᠪᠢᠶᠠᠯᠴᠠᠪᠠ᠃ ᠲᠡᠳᠡ ᠬᠥᠷᠰᠢ ᠵᠡᠷᠭᠡᠯᠡᠳᠡᠭᠡ ᠶᠢᠨ ᠬᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠵᠤ᠂ ᠬᠠᠷᠢᠯᠴᠠᠨ ᠬᠠᠪᠰᠤᠷᠤᠯᠴᠠᠵᠤ᠂ ᠪᠠᠰᠠ ᠨᠡᠶᠢᠭᠡᠮ ᠲᠣᠭᠤᠷᠢᠭ ᠤᠨ ᠬᠠᠶᠢᠷ᠎ᠠ ᠬᠠᠯᠠᠮᠵᠢ ᠶᠢ ᠶᠠᠷᠢᠪᠠ᠃
     ᠬᠠᠮᠲᠤ ᠪᠠᠷ ᠡᠳ᠋ᠯᠡᠬᠦ ᠭᠤᠭᠴᠤᠭ᠎ᠠ ᠠᠴᠠ ᠭᠠᠳᠠᠨ᠎ᠠ᠂ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠰᠠ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠨᠠᠰᠤᠲᠠᠶᠢᠴᠤᠳ ᠳᠤ ᠳᠠᠭᠤᠤ᠂ ᠪᠥᠵᠢᠭ ᠵᠡᠷᠭᠡ ᠲᠣᠭᠯᠠᠯᠲᠠ ᠠᠪᠴᠢᠷᠠᠵᠤ ᠥᠭᠪᠡ᠃ ᠲᠣᠰ ᠤᠳᠠᠭᠠᠨ ᠤ ᠬᠠᠮᠲᠤ ᠶᠢᠨ ᠲᠥᠷᠥᠭᠰᠡᠨ ᠡᠳᠦᠷ ᠤᠨ ᠴᠤᠭᠯᠠᠭᠠᠨ ᠢ ᠠᠮᠵᠢᠯᠲᠠ ᠲᠠᠢ ᠡᠷᠬᠢᠯᠡᠭᠰᠡᠨ ᠨᠢ ᠨᠠᠰᠤᠲᠠᠶᠢᠴᠤᠳ ᠲᠤ ᠨᠡᠶᠢᠭᠡᠮ ᠲᠣᠭᠤᠷᠢᠭ ᠤᠨ ᠬᠠᠶᠢᠷ᠎ᠠ ᠬᠠᠯᠠᠮᠵᠢ ᠶᠢ ᠬᠦᠷᠲᠡᠭᠡᠭᠰᠡᠨ ᠢᠶᠠᠷ ᠪᠠᠷᠠᠬᠤ ᠥᠬᠡᠶ ᠪᠠᠰᠠ ᠨᠡᠶᠢᠭᠡᠮ ᠲᠣᠭᠤᠷᠢᠭ ᠤᠨ ᠳᠣᠲᠣᠭᠠᠳᠤ ᠶᠢᠨ ᠰᠣᠯᠢᠯᠴᠠᠭ᠎ᠠ ᠪᠠ ᠦᠢᠯᠡᠳᠦᠯᠴᠡᠯ ᠢ ᠠᠬᠢᠭᠤᠯᠤᠭᠰᠠᠨ ᠪᠠᠶᠢᠨ᠎ᠠ᠃ ᠨᠥᠬᠦᠷᠯᠡᠯ ᠨᠡᠶᠢᠭᠡᠮ ᠲᠣᠭᠤᠷᠢᠭ ᠤᠨ ᠬᠢᠨ ᠡᠶᠢᠮᠦᠷᠬᠦᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠨᠡᠩ ᠰᠠᠶᠢᠨ ᠦᠢᠯᠡᠴᠢᠯᠡᠭᠡ ᠬᠠᠩᠭᠠᠵᠤ᠂ ᠰᠠᠭᠤᠭᠠᠯᠢ ᠠᠷᠠᠳ ᠨᠢᠭᠡᠪᠦᠷᠢ ᠳᠤ ᠨᠡᠶᠢᠭᠡᠮ ᠲᠣᠭᠤᠷᠢᠭ ᠤᠨ ᠬᠠᠶᠢᠷ᠎ᠠ ᠬᠠᠯᠠᠮᠵᠢ ᠶᠢ ᠮᠡᠳᠡᠷᠡᠭᠦᠯᠦᠨ᠎ᠡ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号