5 ᠳ᠋ᠤᠭᠠᠷ ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠬᠥᠬᠡᠬᠤᠲᠠ ᠶᠢᠨ ᠢᠦᠢ ᠴᠢᠤᠸᠠᠨ | ᠲᠣᠭᠤᠷᠢᠭ ᠤᠨ 2024 ᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠦᠨᠳᠦ ᠬᠥᠩᠭᠡᠨ | ᠪᠡᠶ᠎ᠡ ᠶᠢᠨ ᠲᠠᠮᠢᠷ ᠤᠨ ᠴᠤᠭᠯᠠᠭᠠᠨ ᠡᠬᠢᠯᠡᠪᠡ᠃ ᠲᠤᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠨᠢ ︽ | ᠨᠡᠷᠡᠨ ᠤ ᠭᠡᠷᠡᠯᠲᠦ ᠪᠡᠶ᠎ᠡ ᠶᠢᠨ ᠲᠠᠮᠢᠷ ᠡᠷᠡᠭᠦᠯ ᠡᠩᠬᠡ ᠢᠦᠢ ᠴᠢᠤᠸᠠᠨ︾ ᠢᠶᠠᠷ ᠭᠤᠣᠯ ᠰᠡᠳᠦᠪ ᠪᠣᠯᠭᠠᠵᠤ᠂ 2 | ᠲᠦᠮᠡ ᠰᠢᠬᠠᠮ ᠪᠠᠭᠰᠢ ᠰᠤᠷᠤᠭᠴᠢᠳ ᠨᠢᠭᠡ ᠲᠠᠩᠬᠢᠮ ᠳᠤ ᠴᠤᠭᠯᠠᠷᠠᠵᠤ᠂ ᠪᠡᠶ᠎ᠡ ᠶᠢᠨ ᠲᠠᠮᠢᠷ ᠤᠨ ᠦᠪᠡᠳᠡᠭᠰᠢ | ᠴᠤᠭᠯᠠᠭᠠᠨ ᠢ ᠬᠠᠮᠲᠤᠪᠠᠷ ᠤᠭᠲᠤᠵᠤ᠂ ᠲᠠᠮᠢᠷ ᠤᠨ ᠬᠥᠳᠡᠯᠭᠡᠭᠡᠨ ᠤ ᠷᠢᠳᠢ ᠰᠢᠳᠢ ᠶᠢ ᠬᠠᠮᠲᠤᠪᠠᠷ ᠡᠳ᠋ᠯᠡᠪᠡ᠃ | | | | | | | | ᠲᠤᠬᠠᠢ ᠶᠢᠨ ᠡᠳᠦᠷ᠂ ᠬᠠᠩᠭᠢᠨᠠᠮ᠎ᠠ ᠬᠡᠩᠭᠡᠷᠭᠡ ᠶᠢᠨ ᠳᠠᠭᠤᠨ ᠤ ᠳᠠᠭᠠᠤ ᠡᠬᠢᠯᠡᠯᠲᠡ ᠶᠢᠨ ᠶᠣᠰᠣᠯᠠᠯ | ᠵᠢᠩᠬᠢᠨᠢ ᠪᠠᠷ ᠡᠬᠢᠯᠡᠪᠡ᠃ ᠶᠣᠰᠣᠯᠠᠯ ᠤᠨ ᠠᠩᠭᠢ ᠶᠢᠨ ᠬᠢᠨ ᠬᠤᠷᠴᠠ ᠰᠣᠷᠭᠤᠭ ᠲᠠᠪᠤᠨ ᠣᠳᠣᠲᠤ ᠤᠯᠠᠭᠠᠨ | ᠲᠤᠭ ᠤᠨ ᠳᠤᠤᠷ᠎ᠠ ᠠᠯᠬᠤᠭ᠎ᠠ ᠡᠷᠡᠰ ᠪᠠᠲᠤ ᠰᠦᠷ ᠵᠢᠪᠬᠤᠭ᠎ᠠ ᠲᠠᠢ ᠪᠠᠷ ᠬᠤᠷᠠᠯ ᠤᠨ ᠲᠠᠯᠠᠪᠠᠢ ᠳᠤ ᠣᠷᠣᠵᠤ᠂ | ᠴᠡᠴᠡᠭ ᠤᠨ ᠪᠠᠭᠴᠠ᠂ ᠥᠩᠭᠡᠲᠦ ᠲᠤᠭ ᠤᠨ ᠠᠩᠭᠢ ᠬᠤᠶᠢᠨ᠎ᠠ ᠠᠴᠠ ᠨᠢ ᠳᠠᠭᠠᠪᠠ︔ ᠣᠷᠭᠢᠯᠤᠮ᠎ᠠ ᠬᠠᠯᠠᠭᠤᠨ | ᠰᠡᠳᠬᠢᠯᠭᠡ ᠲᠠᠢ ︽ᠲᠠᠮᠢᠷᠴᠢᠳ ᠤᠨ ᠤᠷᠤᠭᠰᠢᠯᠠᠯᠲᠠ ᠶᠢᠨ ᠳᠠᠭᠤᠤ︾ ᠳᠤ᠂ ᠡᠯ᠎ᠡ ᠰᠤᠷᠭᠠᠭᠤᠯᠢ ᠶᠢᠨ | ᠲᠥᠯᠥᠭᠡᠯᠡᠭᠴᠢᠳ ᠤᠨ ᠠᠩᠭᠢ ᠬᠤᠪᠴᠠᠰᠤ ᠬᠤᠨᠠᠷ ᠢᠶᠠᠨ ᠡᠮᠦᠰᠴᠦ᠂ ᠴᠤᠭ ᠵᠢᠪᠬᠤᠭ᠎ᠠ ᠪᠠᠳᠠᠷᠠᠩᠭᠤᠶ ᠠᠯᠬᠤᠭ᠎ᠠ ᠪᠠᠷ | ᠲᠡᠷᠢᠭᠦᠯᠡᠭᠴᠢ ᠶᠢᠨ ᠲᠠᠶᠢᠰᠠᠨ ᠳᠤ ᠭᠠᠷᠪᠠ︔ ᠠᠷᠰᠯᠠᠨ ᠪᠥᠵᠢᠭ᠂ ᠰᠠᠭᠰᠤᠨ ᠪᠥᠮᠪᠦᠭᠡ ᠶᠢᠨ ᠲᠠᠮᠢᠷ᠂ ᠤᠷᠠᠨ | ᠳᠡᠭᠡᠰᠦ ᠦᠰᠦᠷᠬᠦ᠂ ᠬᠦᠭᠵᠢᠭᠡᠨ ᠳᠡᠮᠵᠢᠬᠦ ᠲᠠᠮᠢᠷ ᠵᠡᠷᠭᠡ ᠤᠷᠤᠭᠰᠢᠯᠠᠯᠲᠠ ᠶᠢᠨ ᠳᠤᠮᠳᠠᠬᠢ ᠲᠣᠭᠯᠠᠯᠲᠠ ᠨᠢ ᠣᠯᠠᠨ | ᠶᠠᠩᠵᠤ ᠶᠢᠨ᠂ ᠪᠦᠲᠦᠭᠡᠯᠴᠢ ᠰᠡᠳᠬᠢᠮᠵᠢ ᠪᠠᠷ ᠲᠡᠭᠦᠯᠳᠡᠷ᠂ ᠬᠥᠮᠦᠨ ᠤ ᠨᠢᠳᠦᠨ ᠳᠤ ᠴᠦ ᠰᠢᠨ᠎ᠡ ᠰᠡᠪᠡᠭᠦᠨ ᠪᠠᠶᠢᠵᠤ᠂ | ᠲᠠᠮᠢᠷ ᠤᠨ ᠴᠤᠭᠯᠠᠭᠠᠨ ᠳᠤ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠴᠢᠮᠡᠭᠯᠡᠵᠦ ᠦᠭᠪᠡ᠃ | | | | | | | | ᠳᠠᠷᠠᠭ᠎ᠠ ᠨᠢ᠂ ᠰᠡᠳᠬᠢᠯ ᠬᠥᠳᠡᠯᠭᠡᠮ᠎ᠡ ᠳᠠᠭᠤᠤ ᠬᠥᠭᠵᠢᠮ ᠤᠨ ᠳᠤᠮᠳᠠ᠂ ᠲᠤᠮᠤ ᠬᠡᠯᠪᠡᠷᠢ ᠶᠢᠨ ᠪᠦᠯᠬᠦᠮ | ᠨᠡᠶᠢᠲᠡ ᠶᠢᠨ ᠲᠣᠭᠯᠠᠯᠲᠠ ᠬᠠᠩᠭᠢᠨᠠᠮ᠎ᠠ ᠰᠠᠶᠢᠬᠠᠨ ᠶᠠᠪᠤᠭᠳᠠᠵᠤ᠂ ᠱᠢ ᠳ᠋ᠦᠩ ᠵᠠᠮ ᠤᠨ ᠪᠠᠭ᠎ᠠ ᠰᠤᠷᠭᠠᠭᠤᠯᠢ ᠶᠢᠨ ︽ | ᠬᠠᠮᠲᠤ ᠪᠠᠷ ᠢᠷᠡᠭᠡᠳᠦᠢ ᠵᠦᠭ ᠤᠷᠤᠭᠰᠢᠯᠠᠶ᠎ᠠ︾᠂ ᠶᠢᠨ ᠾᠧ ᠡᠮᠦᠨ᠎ᠡ ᠵᠡᠭᠡᠯᠢ ᠶᠢᠨ ᠪᠠᠭ᠎ᠠ ᠰᠤᠷᠭᠠᠭᠤᠯᠢ ᠶᠢᠨ ︽ | ᠲᠩᠷᠢ ᠶᠢᠨ ᠣᠶᠣᠳᠠᠯ ᠤᠨ ᠭᠡᠷᠡᠯ ᠢᠷᠡᠭᠡᠳᠦᠢ ᠶᠢᠨ ᠵᠡᠭᠦᠳᠦ ᠪᠠᠨ ᠲᠡᠷᠭᠡᠯᠰᠢᠭᠦᠯᠦᠶ᠎ᠡ︾᠂ ᠵᠢᠷᠭᠤᠳᠤᠭᠠᠷ ᠳᠤᠮᠳᠠᠳᠤ | ᠰᠤᠷᠭᠠᠭᠤᠯᠢ ᠶᠢᠨ ︽ᠵᠠᠯᠠᠭᠤ ᠨᠠᠰᠤ ᠪᠠᠨ ᠪᠦᠵᠢᠭᠯᠡᠶ᠎ᠡ︾ ᠰᠦᠷ ᠵᠢᠪᠬᠤᠭ᠎ᠠ ᠲᠠᠢ ᠪᠠᠶᠢᠵᠤ᠂ ᠬᠥᠭᠵᠢᠮ ᠤᠨ ᠠᠶᠢᠵᠠᠮ | ᠡᠮᠬᠢ ᠵᠢᠷᠤᠮ ᠲᠠᠢ ᠪᠠᠷ ᠵᠢᠭᠰᠠᠭᠠᠯ ᠤᠨ ᠬᠡᠯᠪᠡᠷᠢ ᠪᠠᠨ ᠬᠤᠪᠢᠷᠠᠭᠠᠬᠤ ᠶᠢ ᠳᠠᠭᠠᠯᠳᠤᠨ᠂ ᠬᠥᠳᠡᠯᠦᠯ ᠪᠠᠷᠢᠯ ᠨᠢ ᠵᠢᠭᠳᠡ | ᠪᠣᠯᠵᠣ᠂ ᠪᠦᠬᠦ᠋ᠢᠯᠡ ᠲᠣᠭᠯᠠᠯᠲᠠ ᠶᠢᠨ ᠰᠡᠳᠬᠢᠮᠵᠢ ᠰᠢᠨ᠎ᠡ ᠰᠡᠪᠡᠭᠦᠨ᠂ ᠠᠮᠢᠵᠢᠷᠠᠯ ᠤᠨ ᠬᠦᠴᠦᠨ ᠲᠡᠭᠦᠯᠳᠡᠷ ᠪᠣᠯᠵᠣ᠂ | ᠤᠷᠠᠯᠢᠭ ᠤᠨ ᠰᠠᠶᠢᠬᠠᠨ ᠪᠠ ᠬᠦᠴᠦᠨ ᠴᠢᠳᠠᠯ ᠤᠨ ᠰᠠᠶᠢᠬᠠᠨ ᠢ ᠲᠡᠭᠦᠯᠳᠡᠷ ᠠᠭᠤᠰᠬᠠᠨ ᠨᠢᠭᠡᠳᠬᠡᠵᠦ᠂ ᠭᠤᠶᠢᠳᠠ | ᠰᠠᠶᠢᠬᠠᠨ ᠠᠭᠱᠠᠨ ᠵᠠᠭᠤᠷ᠎ᠠ ᠠᠬᠤᠶ ᠲᠠᠯᠠᠪᠠᠶ ᠶᠢᠨ ᠠᠭᠤᠷ ᠠᠮᠢᠰᠬᠤᠯ ᠢ ᠣᠷᠭᠢᠯ ᠳᠤᠨᠢ ᠬᠦᠷᠭᠡᠭᠰᠡᠨ ᠪᠠᠶᠢᠨ᠎ᠠ᠃ | | | | | | | | ᠣᠶᠢᠯᠠᠭᠠᠭᠰᠠᠨ ᠢᠶᠠᠷ᠂ ᠲᠣᠰ ᠤᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ 3 ᠡᠳᠦᠷ ᠶᠠᠪᠤᠭᠳᠠᠵᠤ᠂ | ᠨᠡᠶᠢᠲᠡ 30 ᠲᠥᠯᠥᠭᠡᠯᠡᠭᠴᠢᠳ ᠤᠨ ᠠᠩᠭᠢ ᠶᠢᠨ 800 ᠲᠠᠮᠢᠷᠴᠢᠨ ᠥᠨᠳᠥᠷ ᠳᠤᠮᠳᠠᠳᠤ ᠶᠢᠨ ᠳᠤᠭᠤᠶᠢᠯᠠᠩ᠂ | ᠠᠩᠬ᠎ᠠ ᠳᠤᠮᠳᠠᠳᠤ ᠶᠢᠨ ᠳᠤᠭᠤᠶᠢᠯᠠᠩ᠂ ᠪᠠᠭ᠎ᠠ ᠰᠤᠷᠭᠠᠭᠤᠯᠢ ᠶᠢᠨ ᠳᠤᠭᠤᠶᠢᠯᠠᠩ ᠵᠡᠷᠭᠡ ᠭᠤᠷᠪᠠᠨ ᠳᠤᠭᠤᠶᠢᠯᠠᠩ 32 | ᠲᠥᠷᠥᠯ ᠵᠦᠢᠯ ᠤᠨ ᠥᠷᠢᠰᠥᠯᠳᠦᠭᠡᠨ ᠳᠤ ᠣᠷᠣᠯᠴᠠᠵᠤ᠂ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠠᠪᠴᠢᠷᠠᠭᠰᠠᠨ | ᠡᠷᠡᠭᠦᠯ ᠮᠡᠨᠳᠦ ᠪᠠ ᠪᠠᠶᠠᠷ ᠪᠠᠶᠠᠰᠤᠯ ᠢ ᠬᠠᠨᠲᠠᠯ᠎ᠠ ᠡᠳ᠋ᠯᠡᠬᠦ ᠪᠣᠯᠤᠨ᠎ᠠ᠃ | | | | | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | |