ᠵᠣᠣ ᠵᠢᠶᠦ᠋ᠨ ᠵᠠᠮ ᠤᠨ ᠵᠡᠭᠡᠯᠢ ᠭᠤᠳᠤᠮᠵᠢ ᠠᠮᠤᠷ ᠲᠦᠪᠰᠢᠨ ᠤ ᠮᠡᠳᠡᠯᠭᠡ ᠶᠢᠨ ᠪᠤᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/5/17
     ᠡᠨᠡ ᠵᠢᠯ ᠤᠨ 5 ᠳ᠋ᠤᠭᠠᠷ ᠰᠠᠷ᠎ᠠ ᠶᠢᠨ 11 ᠤ ᠡᠳᠦᠷ ᠠᠴᠠ 5 ᠳ᠋ᠤᠭᠠᠷ ᠰᠠᠷ᠎ᠠ ᠶᠢᠨ 17 ᠤ ᠡᠳᠦᠷ ᠪᠣᠯᠲᠠᠯ᠎ᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠭᠠᠷᠠᠭ ᠪᠠᠶᠢᠵᠤ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠬᠤ — ᠦᠨᠳᠦᠰᠦᠨ ᠱᠠᠲᠤᠨ ᠤ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠬᠦ︾ ᠪᠠᠷ ᠭᠤᠤᠯ ᠰᠡᠳᠦᠪ ᠪᠤᠯᠭᠠᠪᠠ᠃ ᠮᠠᠨ ᠤ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠨᠡᠶᠢᠭᠡᠮ ᠢᠶᠠᠷ ᠢᠶᠠᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯᠯᠠᠭ᠎ᠠ ᠳᠤ ᠬᠠᠮᠲᠤ ᠪᠠᠷ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠵᠣᠣ ᠵᠢᠶᠦ᠋ᠨ ᠵᠠᠮ ᠤᠨ ᠵᠡᠭᠡᠯᠢ ᠭᠤᠳᠤᠮᠵᠢ ᠶᠢᠨ ᠬᠢᠨ ᠥᠪᠥᠷ ᠮᠣᠩᠭᠤᠯ ᠤᠨ ᠤᠯᠤᠰ ᠤᠨ ᠠᠮᠤᠷ ᠲᠦᠪᠰᠢᠨ ᠤ ᠭᠠᠯ ᠤᠨᠲᠠᠷᠠᠭᠠᠬᠤ ᠮᠡᠳᠡᠯᠭᠡ ᠶᠢᠨ ᠤᠬᠠᠭᠤᠯᠭ᠎ᠠ ᠶᠢᠨ ᠲᠥᠪ ᠲᠠᠢ ᠬᠠᠮᠲᠤᠷᠠᠨ ᠠᠮᠤᠷ ᠲᠦᠪᠰᠢᠨ ᠤ ᠮᠡᠳᠡᠯᠭᠡ ᠶᠢᠨ ᠪᠤᠯᠪᠠᠰᠤᠷᠠᠯ ᠥᠷᠨᠢᠭᠦᠯᠪᠡ᠃      ᠪᠣᠯᠪᠠᠰᠤᠷᠠᠯ ᠤᠨ ᠳᠤᠮᠳᠠ᠂ ᠯᠢᠶᠠᠩ ᠵᠢᠶᠦ᠋ᠨ ᠰᠤᠷᠭᠠᠭᠴᠢ ᠠᠴᠠ ᠵᠢᠷᠤᠭ ᠪᠢᠴᠢᠭ ᠢ ᠤᠶᠠᠯᠳᠤᠭᠤᠯᠬᠤ᠂ ᠸᠢᠳᠢᠣ᠋ ᠪᠠᠷ ᠲᠠᠶᠢᠯᠪᠤᠷᠢᠯᠠᠬᠤ ᠠᠷᠭ᠎ᠠ ᠬᠡᠯᠪᠡᠷᠢ ᠪᠠᠷ ᠣᠯᠠᠨ ᠳᠤ ᠭᠠᠵᠠᠷ ᠬᠥᠳᠡᠯᠦᠯᠲᠡ ᠢᠷᠡᠬᠦ ᠦᠶ᠎ᠡ ᠶᠢᠨ ᠠᠮᠢ ᠵᠢᠭᠤᠲᠠᠬᠤ ᠤᠷ᠎ᠠ ᠮᠡᠷᠭᠡᠵᠢᠯ ᠢ ᠲᠠᠶᠢᠯᠪᠤᠷᠢᠯᠠᠪᠠ᠃ ᠡᠭᠦᠨ ᠤ ᠬᠠᠮᠲᠤ᠂ ᠦᠨᠳᠦᠰᠦᠨ ᠱᠠᠲᠤᠨ ᠤ ᠭᠠᠯ ᠤᠨᠲᠠᠷᠠᠭᠠᠬᠤ ᠠᠵᠢᠯ ᠤᠨ ᠪᠣᠳᠠᠲᠤ ᠪᠠᠶᠢᠳᠠᠯ ᠪᠠ ᠣᠨᠴᠠᠯᠢᠭ ᠲᠠᠢ ᠤᠶᠠᠯᠳᠤᠭᠤᠯᠤᠨ᠂ ᠠᠮᠤᠷ ᠲᠦᠪᠰᠢᠨ ᠤ ᠪᠠᠶᠢᠴᠠᠭᠠᠯᠲᠠ ᠶᠢ ᠬᠡᠷᠬᠢᠨ ᠰᠠᠶᠢᠲᠤᠷ ᠬᠢᠬᠦ᠂ ᠭᠠᠯ ᠤᠨᠲᠠᠷᠠᠭᠠᠬᠤ ᠠᠮᠤᠷ ᠲᠦᠪᠰᠢᠨ ᠤ ᠡᠳᠦᠷ ᠲᠤᠲᠤᠮ ᠤᠨ ᠠᠵᠢᠯ ᠢ ᠬᠡᠷᠬᠢᠨ ᠥᠷᠨᠢᠭᠦᠯᠬᠦ᠂ ᠭᠠᠯ ᠤᠨ ᠪᠠᠶᠢᠳᠠᠯ ᠤᠨ ᠡᠬᠢᠨ ᠤ ᠬᠤᠭᠤᠴᠠᠭᠠᠨ ᠳᠤ ᠬᠡᠷᠬᠢᠨ ᠰᠢᠢᠳᠪᠦᠷᠢᠯᠡᠬᠦ ᠵᠡᠷᠭᠡ ᠲᠠᠯ᠎ᠠ ᠪᠠᠷ ᠠᠵᠢᠯᠲᠠᠳ ᠲᠤ ᠪᠥᠬᠦ ᠲᠠᠯ᠎ᠠ ᠶᠢᠨ ᠲᠠᠶᠢᠯᠪᠤᠷᠢᠯᠠᠯᠲᠠ ᠬᠢᠵᠦ᠂ ᠠᠵᠢᠯᠲᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠪᠡ᠃ ᠲᠣᠰ ᠤᠳᠠᠭᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠪᠤᠯᠪᠠᠰᠤᠷᠠᠯ ᠤᠨ ᠵᠣᠷᠢᠯᠭ᠎ᠠ ᠳᠤ ᠨᠠᠩ ᠰᠠᠶᠢᠨ ᠬᠦᠷᠬᠦ ᠶᠢᠨ ᠲᠥᠯᠥᠭᠡ᠂ ᠯᠢᠶᠠᠩ ᠰᠤᠷᠭᠠᠭᠴᠢ ᠠᠴᠠ ᠪᠠᠰᠠ ᠭᠠᠯ ᠤᠨ ᠭᠠᠮᠰᠢᠭ ᠤᠨ ᠲᠥᠷᠥᠯ ᠵᠦᠢᠯ᠂ ᠭᠠᠯ ᠤᠨᠲᠠᠷᠠᠭᠠᠬᠤ ᠠᠷᠭ᠎ᠠ ᠶᠢ ᠲᠠᠶᠢᠯᠪᠤᠷᠢᠯᠠᠭᠰᠠᠨ ᠪᠥᠭᠡᠳ ᠲᠤᠬᠠᠶ ᠶᠢᠨ ᠲᠠᠯᠠᠪᠤᠷ ᠲᠤ ᠠᠵᠢᠯᠯᠠᠬᠤ ᠪᠠᠷ ᠳᠠᠮᠵᠢᠭᠤᠯᠤᠨ᠂ ᠠᠵᠢᠯᠲᠠᠳ ᠲᠤ ᠭᠠᠯ ᠤᠨᠲᠠᠷᠠᠭᠠᠬᠤ ᠲᠠᠩᠰᠡ ᠶᠢ ᠵᠥᠪ ᠬᠡᠷᠡᠭᠯᠡᠬᠦ ᠠᠷᠭ᠎ᠠ ᠶᠢ ᠡᠵᠡᠮᠰᠢᠭᠦᠯᠵᠡᠶ᠃      ᠲᠣᠰ ᠤᠳᠠᠭᠠᠨ ᠤ ᠠᠮᠤᠷ ᠲᠦᠪᠰᠢᠨ ᠤ ᠪᠤᠯᠪᠠᠰᠤᠷᠠᠯ ᠤᠨ ᠠᠵᠢᠯᠯᠠᠭ᠎ᠠ ᠪᠠᠷ ᠳᠠᠮᠵᠢᠭᠤᠯᠤᠨ᠂ ᠠᠵᠢᠯᠲᠠᠳ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ︽ᠴᠢᠳᠠᠮᠵᠢ ᠶᠢ ᠨᠢ ᠮᠡᠳᠡᠵᠦ᠂ ᠣᠷᠣᠨ ᠪᠠᠶᠢᠷᠢ ᠪᠠᠨ ᠮᠡᠳᠡᠵᠦ᠂ ᠬᠡᠷᠡᠭᠯᠡᠵᠦ ᠴᠢᠳᠠᠬᠤ︾ ᠶᠢ ᠪᠡᠶᠡᠯᠡᠭᠦᠯᠵᠦ᠂ ᠠᠵᠢᠯᠲᠠᠨ ᠤ ᠠᠮᠤᠷ ᠲᠦᠪᠰᠢᠨ ᠤ ᠦᠵᠡᠯ ᠤᠬᠠᠮᠰᠠᠷ ᠪᠠ ᠪᠠᠴᠢᠮ ᠪᠠᠶᠢᠳᠠᠯ ᠢ ᠠᠷᠭᠠᠴᠭᠠᠠᠨ ᠰᠢᠢᠳᠪᠦᠷᠢᠯᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃ ᠳᠠᠷᠠᠭᠠᠴᠢ ᠶᠢᠨ ᠠᠯᠬᠤᠮ ᠳᠤ᠂ ᠮᠠᠨ ᠤ ᠵᠡᠭᠡᠯᠢ ᠭᠤᠳᠤᠮᠵᠢ ᠦᠷᠭᠦᠯᠵᠢᠯᠡᠨ ᠡᠶᠢᠮᠦᠷᠬᠦ ᠠᠵᠢᠯᠯᠠᠭ᠎ᠠ ᠶᠢ ᠡᠷᠬᠢᠯᠡᠵᠦ᠂ ᠠᠵᠢᠯᠲᠠᠨ ᠪᠣᠯᠤᠨ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠪᠣᠯᠤᠨ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠵᠦ᠂ ᠪᠦᠬᠦ ᠨᠡᠶᠢᠭᠡᠮ ᠢᠶᠠᠷ ᠢᠶᠠᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ᠃          ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号