ᠳᠣᠣᠷ᠎ᠠ ᠨᠡᠭᠦᠷᠡᠰᠦᠲᠥ᠋ᠷᠦᠭᠴᠢᠲᠦ ᠡᠳᠦᠷ ᠤᠨ ᠠᠯᠬᠤᠭ᠎ᠠ
ᠨᠡᠶᠢᠲᠡᠯᠡᠭᠰᠡᠨ ᠴᠠᠭ᠄
2024/5/17
     5 ᠳ᠋ᠤᠭᠠᠷ ᠰᠠᠷ᠎ᠠ ᠶᠢᠨ 15 ᠤ ᠡᠳᠦᠷ ᠪᠣᠯ ᠪᠥᠬᠦ ᠤᠯᠤᠰ ᠤᠨ ᠳᠣᠣᠷ᠎ᠠ ᠨᠡᠭᠦᠷᠡᠰᠦᠲᠥ᠋ᠷᠦᠭᠴᠢᠲᠦ ᠡᠳᠦᠷ ᠪᠣᠯᠤᠨ᠎ᠠ᠃ ᠲᠤᠰ ᠡᠳᠦᠷ ᠤᠨ ᠦᠳᠡ ᠶᠢᠨ ᠡᠮᠦᠨ᠎ᠡ᠂ ᠬᠥᠬᠡᠬᠤᠲᠠ ᠶᠢᠨ ︽ᠪᠣᠬᠢᠷᠳᠤᠯ ᠦᠭᠡᠢ ᠳᠣᠣᠷ᠎ᠠ ᠨᠡᠭᠦᠷᠡᠰᠦᠲᠥ᠋ᠷᠦᠭᠴᠢᠲᠦ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ︾ ᠳᠣᠣᠷ᠎ᠠ ᠨᠡᠭᠦᠷᠡᠰᠦᠲᠥ᠋ᠷᠦᠭᠴᠢᠲᠦ ᠡᠳᠦᠷ ᠤᠨ ᠭᠤᠣᠯ ᠰᠡᠳᠦᠪᠲᠦ ᠢᠳᠡᠷᠡᠭᠦᠨ ᠠᠯᠬᠤᠬᠤ ᠠᠵᠢᠯᠯᠠᠭ᠎ᠠ ᠰᠠᠶᠢᠬᠠᠨ ᠲᠣᠭᠤᠷᠢᠭ ᠤᠨ ᠨᠢᠯᠬ᠎ᠠ ᠡᠪᠡᠰᠦ ᠴᠡᠴᠡᠷᠯᠢᠭ ᠲᠤ ᠶᠠᠪᠤᠭᠳᠠᠵᠤ᠂ ᠨᠡᠶᠢᠲᠡ 500 ᠭᠠᠷᠤᠢ ᠬᠥᠮᠥᠨ ᠠᠵᠢᠯᠯᠠᠭ᠎ᠠ ᠳᠤ ᠣᠷᠣᠯᠴᠠᠵᠠᠢ᠃
     ᠲᠣᠰ ᠤᠳᠠᠭᠠᠨ ᠤ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠠᠴᠠ ᠵᠢᠯᠣᠭᠤᠳᠴᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠤᠬᠠᠭᠤᠯᠭ᠎ᠠ ᠬᠥᠮᠦᠵᠢᠯ ᠤᠨ ᠲᠥᠪ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠬᠤᠲᠠ ᠶᠢᠨ ᠡᠮᠡᠭᠲᠡᠶᠢᠴᠦᠳ ᠤᠨ ᠬᠤᠯᠪᠤᠭ᠎ᠠ ᠠᠴᠠ ᠬᠠᠮᠲᠤᠷᠠᠨ ᠭᠤᠤᠯᠯᠠᠨ ᠡᠷᠭᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠥᠷᠭᠡᠨ ᠣᠯᠠᠨ ᠬᠤᠲᠠ ᠶᠢᠨ ᠠᠷᠠᠳ ᠲᠤ ᠳᠣᠤᠷ᠎ᠠ ᠨᠡᠭᠦᠷᠡᠰᠦᠲᠥ᠋ᠷᠥᠭᠴᠢᠲᠦ ᠣᠷᠴᠢᠨ ᠲᠣᠭᠤᠷᠢᠨ ᠢ ᠬᠠᠮᠠᠭᠠᠯᠠᠬᠤ ᠣᠶᠢᠯᠠᠭᠠᠭᠳᠠᠬᠤᠨ ᠢ ᠳᠠᠮᠵᠢᠭᠤᠯᠵᠤ᠂ ᠪᠣᠬᠢᠷᠲᠤᠯ ᠥᠬᠡᠶ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠶ ᠬᠡᠷ ᠣᠷᠣᠨ ᠢ ᠬᠠᠮᠲᠤ ᠪᠠᠷ ᠪᠥᠲᠥᠭᠡᠨ ᠪᠠᠶᠢᠭᠤᠯᠬᠤ ᠶᠢᠨ ᠲᠥᠯᠥᠭᠡ ᠶᠤᠮ᠃ ᠰᠤᠷᠪᠤᠯᠵᠢᠯᠠᠭᠴᠢ ᠶᠠᠩ ᡁᠢ ᠸᠧᠢ ᠳᠠᠳᠤᠯᠭ᠎ᠠ ᠶᠢᠨ ᠰᠤᠷᠪᠤᠯᠵᠢᠯᠠᠬᠴᠢ ᠷᠥᠸᠧ ᠭᠦ᠋ ᠰᠡᠭᠦᠲᠡᠷᠯᠡᠪᠡ
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号