ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠴᠢᠯᠡᠭᠡᠨ ᠤ ︽ᠥᠨᠳᠥᠷ ᠪᠦᠲᠦᠮᠵᠢᠲᠡᠶ ᠪᠠᠷ ᠨᠢᠭᠡ | ᠶᠠᠪᠤᠳᠠᠯ ᠢ ᠭᠦᠢᠴᠡᠳᠭᠡᠬᠦ︾ ᠬᠠᠮᠢᠶ᠎ᠠ ᠪᠥᠬᠦᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠦᠢᠯᠡᠴᠢᠯᠡᠭᠡ ᠶᠢ ᠣᠯᠠᠨ | ᠲᠦᠮᠡᠨ ᠪᠠ ᠠᠵᠤ ᠠᠬᠤᠶᠢᠯᠠᠯ ᠤᠨ ᠳᠡᠷᠭᠡᠳᠡ ᠬᠦᠷᠭᠡᠵᠦ᠂ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ︽ | ᠨᠢᠭᠡ ᠦᠷᠲᠡᠭᠡ ᠮᠠᠶ᠋ᠢᠭ ᠤᠨ ᠦᠢᠯᠡᠴᠢᠯᠡᠭᠡ᠂ ᠨᠢᠭᠡ ᠴᠣᠩᠬᠤᠪᠴᠢ ᠪᠠᠷ ᠬᠦᠢᠴᠡᠳᠭᠡᠬᠦ᠂ ᠨᠢᠭᠡ ᠲᠠᠩᠰᠠ ᠪᠠᠷ ᠳ᠋ᠦᠩᠨᠡᠨ | ᠪᠤᠳᠤᠬᠤ︾ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠳᠠᠭᠠᠳᠬᠠᠯ ᠳᠤ ᠣᠷᠣᠯᠴᠠᠭᠰᠠᠨ ᠡᠮᠡᠭᠲᠡᠶ ᠠᠵᠢᠯᠲᠠᠨ | ᠠᠵᠢᠯᠴᠢᠨ ᠤ ᠬᠥᠩᠭᠡᠵᠢᠬᠦ ᠴᠢᠯᠥᠭᠡ ᠶᠢᠨ ᠬᠤᠭᠤᠴᠠᠭᠠᠨ ᠳᠤ ᠴᠠᠯᠢᠩ ᠣᠯᠵᠤ ᠳᠡᠶᠢᠯᠬᠦ ᠥᠬᠡᠶ ᠪᠠᠶᠢᠭᠰᠠᠨ | ᠬᠦᠴᠢᠷᠳᠡᠯ ᠢ ᠨᠠᠮᠳᠠᠭᠤᠯᠵᠤ᠂ ᠬᠥᠩᠭᠡᠵᠢᠯ ᠤᠨ ᠨᠥᠬᠦᠪᠥᠷᠢ ᠥᠭᠬᠦ ᠴᠠᠭ ᠢ ᠪᠣᠭᠤᠨᠢᠰᠬᠠᠬᠤ ᠶᠢᠨ ᠲᠥᠯᠥᠭᠡ᠂ ᠮᠠᠨ ᠤ | ᠬᠤᠲᠠ ᠨᠢᠭᠡᠨᠲᠡ ᠬᠥᠩᠭᠡᠵᠢᠯ ᠤᠨ ᠨᠥᠬᠦᠪᠥᠷᠢ ᠮᠥᠩᠭᠦ ᠶᠢ ︽ᠭᠤᠶᠤᠴᠢᠯᠠᠬᠤ ᠥᠬᠡᠶ ᠪᠠᠷ ᠳᠠᠷᠤᠶ ᠡᠳ᠋ᠯᠡᠬᠦ︾ ᠶᠢ | ᠡᠬᠢᠯᠡᠨ ᠬᠡᠷᠡᠭᠵᠢᠭᠦᠯᠪᠡ᠃ ᠠᠵᠤ ᠠᠬᠤᠶᠢᠯᠠᠯ ᠤᠨ ᠳᠠᠭᠠᠳᠬᠠᠯ ᠳᠤ ᠣᠷᠣᠯᠴᠠᠭᠰᠠᠨ ᠡᠮᠡᠭᠲᠡᠶ ᠠᠵᠢᠯᠲᠠᠨ ᠠᠵᠢᠯᠴᠢᠨ | ᠲᠣᠭᠲᠠᠭᠰᠠᠨ ᠴᠡᠭ ᠤᠨ ᠡᠮᠨᠡᠯᠭᠡ ᠶᠢᠨ ᠬᠤᠷᠢᠶᠠᠨ ᠳᠤ ᠬᠥᠩᠭᠡᠵᠢᠯ ᠤᠨ ᠳᠠᠭᠠᠳᠬᠠᠯ ᠤᠨ ᠡᠮᠴᠢᠯᠡᠭᠡᠨ ᠤ ᠵᠠᠷᠤᠳᠠᠯ ᠢ | ᠳ᠋ᠦᠩᠨᠡᠨ ᠪᠤᠳᠤᠬᠤ ᠳᠠᠭᠠᠨ ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡ ᠭᠥᠷᠳᠡᠵᠦ᠂ ᠮᠡᠳᠡᠭᠡ ᠵᠠᠩᠭᠢ ᠶᠢᠨ | ᠰᠢᠰᠲ᠋ᠧᠮ ᠳᠤ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠤᠨ ᠡᠮᠡᠭᠲᠡᠶ ᠠᠵᠢᠯᠲᠠᠨ ᠠᠵᠢᠯᠴᠢᠨ | ᠬᠥᠩᠭᠡᠵᠢᠯ ᠤᠨ ᠨᠥᠬᠦᠪᠥᠷᠢ ᠮᠥᠩᠭᠦ ᠭᠤᠶᠤᠴᠢᠯᠠᠨ ᠠᠪᠬᠤ ᠲᠣᠭᠠᠴᠠᠭ᠎ᠠ ᠬᠢᠬᠦ ᠮᠡᠳᠡᠭᠡ ᠵᠠᠩᠭᠢ ᠶᠢ ᠵᠡᠷᠭᠡ ᠪᠠᠷ | ᠳᠠᠮᠵᠢᠭᠤᠯᠵᠤ᠂ ᠳᠠᠭᠠᠳᠬᠠᠯ ᠳᠤ ᠣᠷᠣᠯᠴᠠᠭᠰᠠᠳ ᠲᠤ ᠣᠨᠣᠰᠢᠯᠠᠭᠰᠠᠨ ᠭᠡᠷᠡᠴᠢ᠂ ᠨᠢᠯᠬ᠎ᠠ ᠬᠡᠤᠬᠡᠳ ᠤᠨ ᠲᠥᠷᠥᠭᠰᠡᠨ | ᠦᠨᠡᠮᠯᠡᠯ᠂ ᠬᠦᠴᠦᠨ ᠪᠥᠬᠦᠶ ᠪᠡᠶ᠎ᠡ ᠶᠢᠨ ᠦᠨᠡᠮᠯᠡᠯ ᠬᠠᠩᠭᠠᠬᠤ ᠵᠡᠷᠭᠡ ᠮᠠᠲ᠋ᠧᠷᠢᠶᠠᠯ ᠢ ᠬᠠᠩᠭᠠᠵᠤ᠂ ᠡᠮ ᠡᠮᠨᠡᠯᠭᠡ ᠶᠢᠨ | ᠳᠠᠭᠠᠳᠬᠠᠯ ᠢ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠴᠣᠩᠬᠤᠪᠴᠢ ᠳᠤ ᠬᠦᠷᠴᠦ ᠬᠥᠩᠭᠡᠵᠢᠯ ᠤᠨ ᠨᠥᠬᠦᠪᠥᠷᠢ | ᠮᠥᠩᠭᠦ ᠣᠯᠭᠤᠬᠤ ᠶᠠᠪᠤᠴᠠ ᠶᠢ ᠭᠤᠶᠤᠴᠢᠯᠠᠨ ᠭᠦᠢᠴᠡᠳᠬᠡᠵᠦ ᠪᠣᠯᠤᠨ᠎ᠠ᠃ ᠬᠥᠬᠡᠬᠤᠲᠠ ᠶᠢᠨ ᠡᠮ ᠡᠮᠨᠡᠯᠭᠡ ᠶᠢᠨ | ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠠᠵᠢᠯᠲᠠᠨ᠂ ᠥᠪᠡᠷᠲᠡᠭᠡᠨ ᠵᠠᠰᠠᠬᠤ ᠣᠷᠣᠨ ᠤ ᠮᠡᠳᠡᠭᠡ | ᠵᠠᠩᠭᠢᠵᠢᠯᠲᠠ ᠶᠢᠨ ᠶᠠᠮᠤᠨ ᠤ ᠢᠨᠵᠧᠨᠧᠷ᠂ ᠡᠯ᠎ᠡ ᠲᠣᠭᠲᠠᠭᠰᠠᠨ ᠡᠮᠨᠡᠯᠭᠡ ᠶᠢᠨ ᠬᠤᠷᠢᠶ᠎ᠠ ᠶᠢᠨ HIS ᠢᠨᠵᠧᠨᠧᠷ ᠪᠦᠬᠦ | ᠬᠦᠴᠦᠨ ᠢᠶᠠᠷ ᠢᠶᠠᠨ ᠬᠠᠮᠵᠢᠯᠴᠠᠵᠤ᠂ ᠨᠠᠷᠢᠯᠢᠭ ᠣᠨᠣᠪᠴᠢᠲᠠᠢ ᠲᠤᠷᠰᠢᠬᠤ ᠪᠣᠯᠵᠣᠯᠲᠤ ᠲᠤᠭ᠎ᠠ ᠶᠢ ᠲᠣᠬᠢᠷᠠᠭᠤᠯᠵᠤ᠂ | ᠳᠡᠰ ᠳᠠᠷᠠᠭᠠᠯᠠᠯ ᠢ ᠬᠢᠨᠠᠨ ᠰᠢᠯᠭᠠᠵᠤ᠂ ᠬᠥᠬᠡᠬᠤᠲᠠ ᠶᠢᠨ ᠬᠥᠩᠭᠡᠵᠢᠯ ᠤᠨ ᠨᠥᠬᠦᠪᠥᠷᠢ ᠶᠢ ︽ᠭᠤᠶᠤᠴᠢᠯᠠᠬᠤ | ᠦᠭᠡᠢ ᠪᠠᠷ ᠳᠠᠷᠤᠢ ᠡᠳ᠋ᠯᠡᠬᠦ︾ ᠵᠦᠢᠯᠡᠰ ᠢ 5 ᠳ᠋ᠤᠭᠠᠷ ᠰᠠᠷ᠎ᠠ ᠶᠢᠨ 1 ᠤ ᠡᠳᠦᠷ ᠵᠢᠩᠬᠢᠨᠢ ᠪᠠᠷ ᠠᠰᠢᠭᠯᠠᠯᠲᠠ ᠳᠤ | ᠤᠷᠤᠭᠤᠯᠪᠠ᠃ ᠬᠥᠩᠭᠡᠵᠢᠯ ᠤᠨ ᠨᠥᠬᠦᠪᠥᠷᠢ ᠮᠥᠩᠭᠦ ᠶᠢ ︽ᠭᠤᠶᠤᠴᠢᠯᠠᠬᠤ ᠦᠭᠡᠢ ᠪᠠᠷ ᠳᠠᠷᠤᠢ ᠡᠳ᠋ᠯᠡᠬᠦ︾ ᠶᠢ | ᠬᠡᠷᠡᠭᠵᠢᠭᠦᠯᠦᠭᠰᠡᠨ ᠤ ᠳᠠᠷᠠᠭ᠎ᠠ ᠠᠵᠤ ᠠᠬᠤᠶᠢᠯᠠᠯ ᠤᠨ ᠳᠠᠭᠠᠳᠬᠠᠯ ᠳᠤ ᠣᠷᠣᠯᠴᠠᠭᠰᠠᠨ ᠡᠮᠡᠭᠲᠡᠶ ᠠᠵᠢᠯᠲᠠᠨ | ᠠᠵᠢᠯᠴᠢᠨ ᠤ ᠬᠥᠩᠭᠡᠵᠢᠯ ᠤᠨ ᠨᠥᠬᠦᠪᠥᠷᠢ ᠮᠥᠩᠭᠦ ᠭᠤᠶᠤᠴᠢᠯᠠᠨ ᠠᠪᠬᠤ ᠶᠢᠨ ᠲᠥᠯᠥᠭᠡ ᠨᠠᠭᠠᠰᠢ ᠴᠠᠭᠠᠰᠢ | ᠭᠦᠶᠦᠯᠭᠡᠬᠦ ᠶᠠᠷᠰᠢᠭ ᠲᠦᠪᠡᠭ ᠢ ᠠᠷᠢᠯᠭᠠᠵᠤ᠂ ᠥᠩᠭᠡᠷᠡᠭᠰᠡᠨ ᠤ ︽ᠬᠥᠮᠦᠨ ᠠᠴᠠ ᠡᠮ ᠡᠮᠨᠡᠯᠭᠡ ᠶᠢᠨ | ᠳᠠᠭᠠᠳᠬᠠᠯ ᠤᠨ ᠬᠠᠷᠠᠭᠠᠯᠵᠠᠯ ᠭᠥᠷᠳᠡᠬᠦ︾ ᠪᠠᠶᠢᠭᠰᠠᠨ ᠠᠴᠠ ᠪᠠᠨ ︽ᠡᠮ ᠡᠮᠨᠡᠯᠭᠡ ᠶᠢᠨ ᠳᠠᠭᠠᠳᠬᠠᠯ ᠤᠨ | ᠬᠠᠷᠠᠭᠠᠯᠵᠠᠯ ᠤᠨ ᠬᠥᠮᠦᠨ ᠡᠷᠢᠬᠦ︾ ᠪᠣᠯᠭᠠᠨ ᠬᠤᠪᠢᠷᠠᠭᠤᠯᠵᠤ᠂ ︽ᠮᠡᠳᠡᠭᠡ ᠵᠠᠩᠭᠢ ᠶᠢ ᠢᠯᠡᠭᠦᠬᠡᠨ ᠭᠦᠶᠦᠯᠭᠡᠵᠦ᠂ | ᠳᠠᠭᠠᠳᠬᠠᠯ ᠳᠤ ᠣᠷᠣᠯᠴᠠᠭᠰᠠᠳ ᠢ ᠭᠦᠶᠦᠯᠭᠡᠬᠦ ᠦᠭᠡᠢ︾ ᠬᠠᠷᠠᠯᠲᠠ ᠶᠢ ᠪᠡᠶᠡᠯᠡᠭᠦᠯᠵᠦ᠂ ᠳᠠᠭᠠᠳᠬᠠᠯ ᠳᠤ | ᠣᠷᠣᠯᠴᠠᠭᠰᠠᠳ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠤᠬᠠᠶ ᠬᠠᠨᠤᠮᠵᠢ ᠶᠢᠨ ᠬᠡᠮᠵᠢᠶ᠎ᠡ ᠪᠠ | ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠲᠦᠢᠯ ᠤᠨ ᠶᠡᠭᠡ ᠪᠠᠷ ᠳᠡᠭᠡᠭᠰᠢᠯᠡᠭᠦᠯᠪᠡ᠃ | ᠢᠷᠡᠯᠲᠡ᠄ ᠬᠥᠬᠡᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ | | | | | ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ |