ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠢᠷᠠᠭᠤ ᠠᠯᠳᠠᠷᠲᠤ ᠤᠯᠠᠮᠵᠢᠯᠠᠯ ᠢ ᠪᠠᠳᠠᠷᠠᠭᠤᠯᠵᠤ᠂ | ᠭᠠᠭᠴᠠ ᠪᠡᠶ᠎ᠡ ᠵᠠᠯᠠᠭᠤᠴᠤᠳ ᠪᠠ ᠰᠠᠭᠤᠭ᠎ᠠ ᠭᠠᠵᠠᠷ ᠤᠨ ᠴᠡᠷᠢᠭ ᠬᠦᠮᠦᠨ ᠤ ᠣᠷᠤᠭ ᠬᠤᠷᠢᠮ ᠤᠨ ᠠᠰᠠᠭᠤᠳᠠᠯ ᠢ | ᠢᠳᠡᠪᠬᠢᠲᠡᠢ ᠰᠶᠢᠳᠪᠦᠷᠢᠯᠡᠵᠦ᠂ ᠲᠡᠳᠡᠨ ᠢ ᠬᠠᠪᠰᠤᠷᠤᠨ ᠬᠠᠷᠢᠯᠴᠠᠨ ᠣᠶᠢᠯᠠᠭᠠᠯᠴᠠᠵᠤ ᠬᠠᠷᠢᠯᠴᠠᠨ ᠲᠠᠨᠢᠯᠴᠠᠬᠤ | ᠰᠣᠯᠢᠯᠴᠠᠭᠠᠨ ᠤ ᠲᠠᠪᠴᠠᠩ ᠪᠠᠶᠢᠭᠤᠯᠵᠤ᠂ ᠡᠶ᠎ᠡ ᠨᠠᠶᠢᠷᠠᠮᠳᠠᠭᠤ ᠨᠡᠶᠢᠭᠡᠮ ᠪᠠ ᠡᠶ᠎ᠡ ᠨᠠᠶᠢᠷᠠᠮᠳᠠᠭᠤ ᠭᠡᠷ ᠪᠦᠯᠢ ᠶᠢᠨ | ᠪᠠᠶᠢᠭᠤᠯᠤᠯᠲᠠ ᠶᠢ ᠠᠬᠢᠭᠤᠯᠬᠤ ᠶᠢᠨ ᠲᠦᠯᠦᠭᠡ᠂ 5 ᠳ᠋ᠤᠭᠠᠷ ᠰᠠᠷ᠎ᠠ ᠶᠢᠨ 18 ᠤ ᠡᠳᠦᠷ᠂ 19 ᠤ ᠡᠳᠦᠷ᠂ | ᠬᠥᠬᠡᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠢᠦᠢ ᠴᠢᠤᠸᠠᠨ ᠲᠣᠭᠤᠷᠢᠭ ᠤᠨ ᠡᠮᠡᠭᠲᠡᠶᠢᠴᠦᠳ ᠤᠨ | ᠬᠤᠯᠪᠣᠭᠠᠲᠤ ᠬᠤᠷᠠᠯ᠂ ᠢᠦᠢ ᠴᠢᠤᠸᠠᠨ ᠲᠣᠭᠤᠷᠢᠭ ᠤᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ | ᠳᠤᠭᠤᠢᠯᠠᠩ ᠤᠨ ᠠᠯᠪᠠᠨ ᠭᠡᠷ᠂ ᠢᠦᠢ ᠴᠢᠤᠸᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ | ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠬᠤᠶᠠᠳᠤᠭᠠᠷ | ᠭᠢᠨᠳᠠᠨ᠂ ᠯᠢᠶᠠᠩ ᠶᠤᠸᠠᠨ ᠵᠢᠶᠠ ᠽᠦᠸᠧ ᠥᠪᠥᠷ ᠮᠣᠩᠭᠤᠯ ᠠᠴᠠ ᠳᠠᠭᠠᠭᠠᠨ ᠡᠷᠬᠢᠯᠡᠵᠦ᠂ ᠬᠥᠬᠡᠬᠤᠲᠠ ᠶᠢᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠡᠶᠢᠭᠡᠮ ᠲᠣᠭᠤᠷᠢᠭ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ | ᠷᠠᠳᠢᠤ᠋ ᠲᠧᠯᠸᠢᠰ ᠤᠨ ᠵᠠᠭᠤᠴᠢᠯᠠᠭᠤᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠮᠵᠢᠯᠴᠠᠨ ᠡᠷᠬᠢᠯᠡᠭᠰᠡᠨ | ᠢᠦᠢ ᠴᠢᠤᠸᠠᠨ ᠲᠣᠭᠤᠷᠢᠭ ᠤᠨ ᠵᠠᠯᠠᠭᠤᠴᠤᠳ ᠤᠨ ᠨᠥᠬᠦᠷᠯᠡᠯ ᠤᠨ ᠬᠤᠯᠪᠤᠭ᠎ᠠ ᠶᠢᠨ ᠬᠤᠷᠠᠯ ᠤᠷᠤᠭᠰᠢᠲᠠᠢ | ᠶᠠᠪᠤᠭᠳᠠᠪᠠ᠃ | | | | | | | | ᠲᠣᠰ ᠤᠳᠠᠭ᠎ᠠ ᠨᠡᠶᠢᠲᠡ 180 ᠭᠠᠷᠤᠶ ᠭᠠᠭᠴᠠ ᠪᠡᠶ᠎ᠡ ᠡᠷᠡᠭᠲᠡᠶ ᠡᠮᠡᠭᠲᠡᠶ ᠵᠠᠯᠠᠭᠤᠴᠤᠳ ᠠᠵᠢᠯᠯᠠᠭ᠎ᠠ ᠳᠤ | ᠣᠷᠣᠯᠴᠠᠵᠤ᠂ ᠲᠤᠬᠠᠶ ᠶᠢᠨ ᠲᠠᠯᠠᠪᠠᠶ ᠳᠤ ᠨᠠᠷᠢᠨ ᠨᠢᠮᠪᠠᠶ ᠪᠠᠶᠢᠷᠢᠯᠠᠭᠤᠯᠤᠭᠠᠳ᠂ ᠬᠠᠯᠠᠭᠤᠨ ᠳᠤᠯᠠᠭᠠᠨ ᠪᠢᠴᠢᠬᠠᠨ | ᠲᠣᠭᠯᠠᠭᠠᠮ ᠢᠶᠠᠷ ᠳᠠᠮᠵᠢᠭᠤᠯᠤᠨ᠂ ᠡᠷᠡᠭᠲᠡᠶ ᠡᠮᠡᠭᠲᠡᠶ ᠬᠦᠨᠳᠦᠲᠦ ᠵᠣᠴᠢᠳ ᠢ ᠪᠠᠶᠠᠷ ᠪᠠᠶᠠᠰᠬᠤᠯᠠᠩᠲᠠᠶ ᠠᠭᠤᠷ | ᠠᠮᠢᠰᠬᠤᠯ ᠤᠨ ᠳᠤᠮᠳᠠ ᠬᠠᠷᠢᠯᠴᠠᠨ ᠭᠦᠨᠵᠡᠭᠡᠶ ᠣᠶᠢᠯᠠᠭᠠᠭᠤᠯᠪᠠ᠃ | | | | | ᠠᠵᠢᠯᠯᠠᠭ᠎ᠠ ᠶᠢᠨ ᠶᠠᠪᠤᠴᠠ ᠳᠤ᠂ ᠡᠷᠡᠭᠲᠡᠶ ᠡᠮᠡᠭᠲᠡᠶ ᠬᠦᠨᠳᠦᠲᠦ ᠵᠣᠴᠢᠳ ᠲᠣᠰ ᠪᠡᠶ᠎ᠡ ᠶᠢᠨ ᠷᠢᠳᠢ ᠰᠢᠳᠢ ᠪᠠᠨ | ᠭᠦᠢᠴᠡᠳ ᠢᠯᠡᠷᠡᠭᠦᠯᠵᠦ᠂ ᠥᠪᠡᠷ ᠤᠨ ᠲᠠᠨᠢᠯᠴᠠᠭᠤᠯᠭ᠎ᠠ ᠠᠴᠠ ᠤᠷ᠎ᠠ ᠴᠢᠳᠠᠪᠤᠷᠢ ᠶᠢᠨ ᠦᠵᠡᠭᠦᠯᠦᠯᠭᠡ᠂ ᠳᠠᠬᠢᠨ | ᠬᠠᠷᠢᠯᠴᠠᠨ ᠬᠥᠳᠡᠯᠦᠯᠴᠡᠬᠦ ᠲᠣᠭᠯᠠᠭᠠᠮ ᠬᠦᠷᠲᠡᠯ᠎ᠡ᠂ ᠭᠤᠭᠴᠤᠭ᠎ᠠ ᠨᠢᠭᠡᠪᠦᠷᠢ ᠳᠤ ᠴᠥᠮ ᠪᠠᠶᠠᠷᠯᠠᠨ ᠢᠨᠢᠶᠡᠯᠴᠡᠬᠦ ᠪᠠ | ᠪᠠᠶᠠᠷᠯᠠᠬᠤ ᠰᠡᠳᠬᠢᠯᠭᠡ ᠪᠠᠷ ᠪᠢᠯᠬᠠᠮ᠎ᠠ ᠪᠠᠶᠢᠯ᠎ᠠ᠃ | | | | | ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠬᠢᠨ | ᠵᠠᠯᠠᠭᠤᠴᠤᠳ ᠤᠨ ᠨᠡᠶᠢᠭᠡᠮ ᠤᠨ ᠬᠠᠷᠢᠯᠴᠠᠭᠠᠨ ᠤ ᠤᠷᠤᠭ ᠤᠨ ᠬᠡᠷᠡᠭᠴᠡᠭᠡ ᠶᠢ ᠦᠷᠭᠦᠯᠵᠢᠯᠡᠨ ᠠᠩᠬᠠᠷᠴᠤ᠂ ᠢᠦᠢ | ᠴᠢᠤᠸᠠᠨ ᠲᠣᠭᠤᠷᠢᠭ ᠤᠨ ᠬᠤᠶᠠᠷ ᠢ ᠬᠦᠷᠢᠶᠡᠯᠡᠬᠦ ᠠᠯᠪᠠᠨ ᠭᠡᠷ ᠵᠡᠷᠭᠡ ᠬᠤᠯᠪᠣᠭᠳᠠᠯ ᠪᠦᠬᠦᠢ ᠨᠢᠭᠡᠴᠢ ᠲᠠᠢ | ᠢᠳᠡᠪᠬᠢᠲᠡᠢ ᠪᠠᠷ ᠬᠤᠯᠪᠣᠭᠠᠯᠠᠨ ᠬᠥᠳᠡᠯᠦᠯᠴᠡᠵᠦ᠂ ᠰᠠᠭᠤᠭ᠎ᠠ ᠭᠠᠵᠠᠷ ᠤᠨ ᠴᠡᠷᠢᠭ ᠬᠥᠮᠥᠨ ᠪᠣᠯᠣᠨ ᠥᠷᠭᠡᠨ ᠤᠯᠠᠨ | ᠵᠠᠯᠠᠭᠤᠴᠤᠳ ᠲᠤ ᠥᠪᠡᠷ ᠢ ᠪᠠᠨ ᠳᠡᠯᠭᠡᠨ ᠦᠵᠡᠭᠦᠯᠬᠦ ᠲᠠᠪᠴᠠᠩ ᠪᠣᠯᠣᠨ ᠨᠥᠬᠦᠷᠯᠡᠯ ᠪᠠᠶᠢᠭᠤᠯᠬᠤ ᠠᠵᠠ ᠲᠣᠬᠢᠶᠠᠯ ᠢ | ᠪᠠᠶᠢᠭᠤᠯᠤᠨ ᠥᠭᠴᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠣᠷᠤᠭ ᠭᠡᠷ ᠪᠦᠯᠢ ᠶᠢᠨ ᠠᠵᠢᠯ ᠤᠨ ᠯᠠᠪᠳᠠᠭᠤᠨ ᠪᠠᠲᠤᠲᠠᠢ | ᠪᠦᠲᠦᠮᠵᠢᠲᠡᠢ ᠥᠷᠨᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ | | | | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ |