ᠢᠦᠢ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽2024 ᠣᠨ ᠤ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ︾ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/20
     ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠯᠢ ᠵᠢᠩ ᠲᠢᠶᠠᠨ ᠰᠢᠶᠠ ᠬᠤᠷᠢᠶᠠᠯᠠᠯ ᠳᠤ ︽ᠪᠣᠬᠢᠷᠲᠤᠯ ᠥᠬᠡᠶ ᠬᠡᠯᠪᠡᠷᠢ ᠶᠢ ᠬᠤᠪᠢᠷᠠᠭᠤᠯᠬᠤ᠂ ᠡᠨᠧᠷᠭᠢ ᠠᠷᠪᠢᠯᠠᠨ ᠪᠣᠭᠤᠮᠲᠠ ᠰᠢᠪᠲᠤᠯᠬᠤ᠂ ᠪᠣᠬᠢᠷᠲᠤᠯ ᠥᠬᠡᠶ ᠪᠠᠭ᠎ᠠ ᠨᠡᠭᠦᠷᠡᠰᠦᠳᠦ᠋ᠷᠦᠭᠴᠢᠲᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ︾ ᠭᠡᠬᠦ ᠭᠤᠤᠯ ᠰᠡᠳᠦᠪᠲᠦ 2024 ᠣᠨ ᠤ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
     ᠠᠵᠢᠯᠲᠠᠳ ᠲᠤᠬᠠᠶ ᠶᠢᠨ ᠲᠠᠯᠠᠪᠤᠷ ᠲᠤ ᠬᠥᠨᠳᠡᠯᠡᠨ ᠪᠢᠴᠢᠭᠡᠰᠦ ᠡᠯᠭᠦᠵᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠨᠠᠭᠠᠰᠢ ᠴᠠᠭᠠᠰᠢ ᠥᠩᠭᠡᠷᠡᠬᠦ ᠤᠯᠠᠨ ᠲᠦᠮᠡᠨ ᠢ ᠢᠳᠡᠪᠬᠢᠲᠡᠶ ᠪᠠᠷ ᠬᠦᠳᠦᠯᠦᠨ ᠵᠢᠯᠣᠭᠤᠳᠴᠤ ᠪᠠᠶᠢᠭᠠᠳ ᠠᠮᠤ ᠪᠤᠳᠠᠭ᠎ᠠ ᠠᠷᠪᠢᠯᠠᠬᠤ᠂ ᠤᠰᠤ ᠠᠷᠪᠢᠯᠠᠬᠤ᠂ ᠴᠠᠬᠢᠯᠭᠠᠨ ᠠᠷᠪᠢᠯᠠᠬᠤ᠂ ᠪᠣᠬᠢᠷᠲᠤᠯ ᠦᠭᠡᠢ ᠬᠡᠷᠡᠭᠯᠡᠭᠡ᠂ ᠪᠣᠬᠢᠷᠲᠤᠯ ᠦᠭᠡᠢ ᠶᠠᠪᠤᠵᠤ ᠰᠠᠭᠤᠬᠤ ᠵᠡᠷᠭᠡ ᠪᠣᠬᠢᠷᠲᠤᠯ ᠦᠭᠡᠢ ᠪᠠᠭ᠎ᠠ ᠨᠡᠭᠦᠷᠡᠰᠦᠳᠦ᠋ᠷᠦᠭᠴᠢᠲᠦ ᠦᠢᠯᠡᠳᠦᠯᠭᠡ ᠶᠢ ᠰᠠᠨᠠᠭᠠᠴᠢᠯᠠᠭ᠎ᠠ ᠠᠴᠠ ᠪᠠᠨ ᠥᠷᠨᠢᠭᠦᠯᠵᠦ᠂ ᠪᠣᠬᠢᠷᠲᠤᠯ ᠦᠭᠡᠢ ᠪᠠᠭ᠎ᠠ ᠨᠡᠭᠦᠷᠡᠰᠦᠳᠦ᠋ᠷᠦᠭᠴᠢᠲᠦ᠂ ᠠᠷᠪᠢᠲᠠᠢ ᠵᠣᠬᠢᠰᠲᠠᠢ ᠠᠮᠢᠳᠤᠷᠠᠯ ᠤᠨ ᠠᠷᠭ᠎ᠠ ᠬᠡᠯᠪᠡᠷᠢ ᠶᠢ ᠪᠦᠷᠢᠯᠳᠦᠭᠦᠯᠬᠦ ᠶᠢ ᠠᠬᠢᠭᠤᠯᠪᠠ᠃ ᠡᠭᠦᠨ ᠤ ᠬᠠᠮᠲᠤ ᠡᠯ᠎ᠡ ᠵᠠᠬ᠎ᠠ ᠳᠡᠯᠭᠡᠭᠦᠷ᠂ ᠬᠤᠳᠠᠯᠳᠤᠭᠠᠨ ᠤ ᠲᠠᠯᠠᠪᠤᠷ ᠤᠨ ᠡᠯᠧᠺᠲᠷᠣᠨ ᠲᠣᠮᠣ ᠳᠡᠯᠭᠡᠴᠡ ᠵᠡᠷᠭᠡ ᠬᠡᠯᠪᠡᠷᠢ ᠶᠢ ᠠᠰᠢᠭᠯᠠᠨ᠂ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠪᠣᠬᠢᠷᠲᠤᠯ ᠥᠬᠡᠶ ᠪᠠᠭ᠎ᠠ ᠨᠡᠭᠦᠷᠡᠰᠦᠳᠦ᠋ᠷᠦᠭᠴᠢᠲᠦ ᠵᠡᠷᠭᠡ ᠤᠬᠠᠭᠤᠯᠭ᠎ᠠ ᠶᠢᠨ ᠦᠭᠡ ᠶᠢ ᠦᠷᠭᠦᠯᠵᠢᠯᠡᠨ ᠳᠡᠯᠭᠡᠨ ᠦᠵᠡᠭᠦᠯᠵᠦ᠂ ᠥᠷᠭᠡᠨ ᠣᠯᠠᠨ ᠬᠤᠲᠠ ᠶᠢᠨ ᠠᠷᠠᠳ ᠤᠨ ᠪᠣᠬᠢᠷᠲᠤᠯ ᠥᠬᠡᠶ ᠡᠨᠧᠷᠭᠢ ᠠᠷᠪᠢᠯᠠᠬᠤ ᠤᠬᠠᠮᠰᠠᠷ ᠢ ᠳᠡᠭᠡᠭᠰᠢᠯᠡᠭᠦᠯᠪᠡ᠃
     ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠢᠶᠠᠷ ᠭᠦᠢᠴᠡᠳ ᠲᠣᠬᠢᠶᠠᠯ ᠪᠣᠯᠭᠠᠵᠤ᠂ ᠪᠦᠬᠦ ᠲᠠᠯ᠎ᠠ ᠪᠠᠷ ᠠᠷᠪᠢᠯᠠᠬᠤ ᠪᠠᠶᠢᠯᠳᠤᠬᠤ ᠪᠤᠳᠤᠯᠭ᠎ᠠ ᠶᠢᠨ ᠲᠣᠭᠤᠷᠢᠨ ᠳᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠲᠦᠭᠡᠮᠡᠯᠵᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠪᠣᠳᠠᠲᠠᠢ ᠲᠠᠢ ᠤᠶᠠᠯᠳᠤᠭᠤᠯᠵᠤ᠂ ᠬᠡᠮᠵᠢᠬᠦ᠂ ᠪᠠᠷᠢᠮᠵᠢᠶ᠎ᠠ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ᠂ ᠭᠡᠷᠡᠴᠢᠯᠡᠨ ᠮᠡᠳᠡᠷᠡᠬᠦ᠂ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ᠂ ᠭᠦᠸᠧᠯᠦ ᠶᠢᠨ ᠶᠠᠰᠤ ᠴᠢᠨᠠᠷ ᠵᠢᠴᠢ ᠪᠣᠬᠢᠷᠲᠤᠯ ᠦᠭᠡᠢ ᠪᠠᠭ᠎ᠠ ᠨᠡᠭᠦᠷᠡᠰᠦᠳᠦ᠋ᠷᠦᠭᠴᠢᠲᠦ ᠵᠡᠷᠭᠡ ᠲᠠᠯ᠎ᠠ ᠪᠠᠷ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠥᠷᠭᠡᠨ ᠤᠯᠠᠨ ᠺᠠᠳ᠋ᠷ ᠠᠵᠢᠯᠳᠠᠨ ᠪᠣᠯᠤᠨ ᠰᠠᠭᠤᠭᠠᠯᠢ ᠠᠷᠠᠳ ᠤᠨ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠰᠠᠨᠠᠭᠠᠴᠢᠯᠠᠭᠠᠲᠤ ᠴᠢᠨᠠᠷ ᠪᠣᠯᠤᠨ ᠤᠬᠠᠮᠰᠠᠷᠲᠤ ᠴᠢᠨᠠᠷ ᠢ ᠦᠨᠡᠨᠬᠦ ᠴᠢᠩᠭᠠᠳᠬᠠᠵᠤ᠂ ᠪᠣᠬᠢᠷᠲᠤᠯ ᠦᠭᠡᠢ ᠪᠠᠭ᠎ᠠ ᠨᠡᠭᠦᠷᠡᠰᠦᠳᠦ᠋ᠷᠦᠭᠴᠢᠲᠦ ᠳᠠᠭᠠᠭᠤᠯᠤᠭᠴᠢ ᠪᠣᠯᠬᠤ ᠪᠠᠷ ᠴᠢᠷᠮᠠᠶᠢᠨ᠎ᠠ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号