ᠢᠦᠢ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠰᠥᠨᠢ ᠪᠠᠷ ᠵᠠᠮ ᠢ ᠤᠬᠢᠶᠠᠵᠤ ᠴᠡᠪᠡᠷᠯᠡᠬᠦ ᠠᠵᠢᠯ ᠤᠨ ᠵᠠᠭᠪᠤᠷ ᠢ ᠪᠥᠬᠦ ᠲᠠᠯ᠎ᠠ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2024/5/20
     ᠬᠤᠲᠠ ᠶᠢᠨ ᠲᠣᠭᠤᠷᠢᠭ ᠤᠨ ᠵᠠᠮ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠴᠡᠪᠡᠷᠰᠢᠭᠦᠯᠵᠦ᠂ ᠬᠤᠲᠠ ᠶᠢᠨ ᠪᠦᠬᠦᠯᠢ ᠴᠣᠭᠴᠠ ᠶᠢᠨ ᠣᠷᠴᠢᠨ ᠲᠣᠭᠤᠷᠢᠨ ᠤ ᠳᠦᠷᠢ ᠲᠥᠷᠬᠦ ᠶᠢ ᠳᠡᠭᠡᠭᠰᠢᠯᠡᠭᠦᠯᠬᠦ ᠶᠢᠨ ᠲᠦᠯᠦᠭᠡ᠂ ᠢᠦᠢ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠰᠥᠨᠢ ᠪᠠᠷ ᠵᠠᠮ ᠢ ᠤᠬᠢᠶᠠᠵᠤ ᠴᠡᠪᠡᠷᠯᠡᠬᠦ ᠠᠵᠢᠯ ᠤᠨ ᠵᠠᠭᠪᠤᠷ ᠢ ᠪᠥᠬᠦ ᠲᠠᠯ᠎ᠠ ᠪᠠᠷ ᠡᠬᠢᠯᠡᠭᠦᠯᠵᠦ᠂ ᠬᠠᠷᠢᠶ᠎ᠠ ᠣᠷᠣᠨ ᠤ ᠳᠣᠲᠣᠷᠠᠬᠢ ᠭᠤᠤᠯ ᠪᠣᠯᠬᠤ ᠭᠤᠤᠯ ᠵᠠᠮ᠂ ᠭᠤᠤᠯᠳᠠᠯᠭ᠎ᠠ ᠲᠠᠢ ᠣᠷᠣᠨ ᠪᠦᠰᠡ ᠶᠢᠨ ᠵᠠᠮ ᠵᠢᠴᠢ ᠲᠥᠬᠦᠭᠡᠷᠦᠮᠵᠢ ᠶᠢ ᠤᠬᠢᠶᠠᠵᠤ ᠴᠡᠪᠡᠷᠯᠡᠬᠦ ᠠᠵᠢᠯ ᠢ ᠨᠡᠶᠢᠳᠡᠮ ᠬᠢᠵᠦ᠂ ᠬᠤᠲᠠ ᠶᠢᠨ ᠲᠣᠭᠤᠷᠢᠭ ᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠢ ᠦᠨᠡᠨᠬᠦ ᠰᠠᠶᠢᠵᠢᠷᠠᠭᠤᠯᠪᠠ᠃
     ᠵᠡᠭᠡᠯᠢ ᠶᠢᠨ ᠵᠠᠮ ᠢ ᠨᠠᠷᠢᠯᠢᠭᠵᠢᠭᠤᠯᠤᠨ ᠴᠡᠪᠡᠷᠯᠡᠬᠦ ᠶᠢ ᠴᠢᠩᠭᠠᠳᠬᠠᠭᠰᠠᠨ ᠰᠠᠭᠤᠷᠢᠨ ᠳᠡᠭᠡᠷ᠎ᠡ᠂ ᠰᠦᠨᠢ ᠶᠢᠨ ᠶᠠᠪᠠᠭᠠᠨ ᠬᠥᠮᠦᠨ ᠪᠠ ᠲᠡᠷᠭᠡ ᠬᠥᠰᠬᠡ ᠨᠡᠯᠢᠶᠡᠳ ᠴᠥᠭᠡᠨ ᠪᠠᠶᠢᠬᠤ ᠣᠨᠴᠠᠯᠢᠭ ᠢ ᠭᠦᠢᠴᠡᠳ ᠡᠵᠡᠮᠳᠡᠵᠦ᠂ ᠶᠡᠭᠡ ᠡᠮᠦᠨ᠎ᠡ ᠶᠡᠭᠡ ᠬᠤᠶᠢᠲᠤ ᠵᠡᠭᠡᠯᠢ᠂ ᠣᠷᠳᠣᠰ ᠶᠡᠭᠡ ᠵᠡᠭᠡᠯᠢ᠂ ᠵᠣᠣ ᠵᠢᠶᠦ᠋ᠨ ᠵᠠᠮ ᠢᠶᠠᠷ ᠭᠠᠷᠳᠠᠬᠤ ᠴᠡᠭ ᠪᠣᠯᠭᠠᠵᠤ᠂ ︽ᠰᠦᠷᠴᠢᠬᠦ᠂ ᠣᠭᠢᠶᠠᠬᠤ᠂ ᠱᠦᠭᠦᠷᠳᠡᠬᠦ᠂ ᠰᠠᠴᠤᠬᠤ︾ ᠣᠷᠴᠢᠨ ᠲᠣᠭᠤᠷᠢᠨ ᠤ ᠠᠷᠢᠭᠤᠨ ᠴᠡᠪᠡᠷ ᠤᠨ ︽ᠬᠠᠮ ᠨᠢᠳᠤᠷᠭ᠎ᠠ︾ ᠪᠠᠷ ᠳᠠᠮᠵᠢᠭᠤᠯᠤᠨ᠂ ᠰᠥᠨᠢ ᠶᠢᠨ ᠵᠠᠮ ᠢ ᠤᠬᠢᠶᠠᠵᠤ ᠴᠡᠪᠡᠷᠯᠡᠬᠦ ᠡᠷᠴᠢᠮ ᠢᠶᠠᠨ ᠴᠢᠩᠭᠠᠷᠠᠭᠤᠯᠤᠨ᠂ ᠤᠭᠢᠶᠠᠵᠤ ᠱᠦᠭᠦᠷᠳᠡᠬᠦ ᠲᠡᠷᠭᠡ᠂ ᠤᠰᠤ ᠰᠦᠷᠴᠢᠬᠦ ᠲᠡᠷᠭᠡ ᠬᠥᠰᠬᠡ ᠵᠡᠷᠭᠡ ᠮᠠᠰᠢᠨᠴᠢᠯᠠᠭᠰᠠᠨ ᠲᠡᠷᠭᠡ ᠬᠥᠰᠬᠡ ᠶᠢ ᠱᠠᠲᠤᠯᠢᠭ ᠢᠶᠠᠷ ᠡᠮᠬᠢᠯᠡᠨ ᠨᠡᠶᠢᠯᠡᠭᠦᠯᠵᠦ᠂ ᠵᠡᠭᠡᠯᠢ ᠭᠤᠳᠤᠮᠵᠢ᠂ ᠵᠠᠮ ᠳᠠᠷᠠᠭᠠᠯᠠᠨ᠂ ᠭᠤᠳᠤᠮᠵᠢ ᠳᠠᠷᠠᠭᠠᠯᠠᠨ ᠬᠤᠲᠠ ᠶᠢᠨ ᠲᠣᠭᠤᠷᠢᠭ ᠤᠨ ᠵᠠᠮ ᠢ ᠤᠬᠢᠶᠠᠨ ᠴᠡᠪᠡᠷᠯᠡᠵᠦ᠂ ᠵᠠᠮ ᠤᠨ ᠤᠭ ᠦᠩᠭᠡ ᠶᠢ ᠨᠢ ᠣᠯᠵᠤ ᠬᠠᠷᠠᠬᠤ᠂ ᠵᠠᠮ ᠳᠡᠭᠡᠷ᠎ᠡ ᠰᠢᠷᠤᠢ ᠦᠭᠡᠢ ᠪᠠᠶᠢᠬᠤ ᠳᠤ ᠬᠦᠷᠦᠭᠦᠯᠵᠦ᠂ ᠬᠥᠮᠦᠨ ᠤ ᠬᠦᠴᠦ ᠪᠠᠷ ᠥᠨᠳᠥᠷ ᠳᠠᠷᠤᠯᠲᠠᠲᠤ ᠤᠰᠤᠨ ᠫᠤᠤ ᠶᠢ ᠠᠰᠢᠭᠯᠠᠵᠤ᠂ ᠵᠠᠮ ᠳᠠᠭᠠᠤ ᠶᠢᠨ ᠶᠠᠪᠠᠭᠠᠨ ᠬᠥᠮᠦᠨ ᠤ ᠳᠥᠭᠦᠮ ᠵᠠᠮ᠂ ᠬᠠᠯᠬᠠᠪᠴᠢ ᠬᠡᠷᠡᠰᠬᠡ᠂ ᠮᠣᠳᠣᠨ ᠨᠦᠬᠡ᠂ ᠬᠤᠭ ᠨᠤᠪᠰᠢ ᠶᠢᠨ ᠬᠠᠶᠢᠷᠴᠠᠭ᠂ ᠬᠤᠲᠠ ᠶᠢᠨ ᠶᠠᠪᠤᠳᠠᠯ ᠤᠨ ᠲᠥᠬᠦᠭᠡᠷᠦᠮᠵᠢ ᠵᠡᠷᠭᠡ ᠲᠠᠯ᠎ᠠ ᠪᠠᠷ ᠭᠦᠨᠵᠡᠭᠡᠶ ᠤᠬᠢᠶᠠᠨ ᠴᠡᠪᠡᠷᠯᠡᠬᠦ ᠠᠵᠢᠯ ᠢ ᠬᠠᠮᠵᠢᠯᠴᠠᠨ ᠥᠷᠨᠢᠭᠦᠯᠵᠦ᠂ ᠬᠥᠮᠦᠨ ᠬᠠᠷ᠎ᠠ ᠬᠤᠷᠠᠨ ᠴᠤᠭᠯᠠᠷᠠᠭᠰᠠᠨ ᠣᠷᠣᠨ ᠪᠦᠰᠡ ᠶᠢ ᠤᠬᠢᠶᠠᠨ ᠴᠡᠪᠡᠷᠯᠡᠵᠦ᠂ ᠡᠳᠦᠷ ᠲᠤᠲᠤᠮ ᠤᠨ ᠠᠷᠢᠭᠤᠨ ᠴᠡᠪᠡᠷ ᠢ ᠬᠠᠮᠠᠭᠠᠯᠠᠬᠤ ᠲᠠᠢ ᠤᠶᠠᠯᠳᠤᠭᠤᠯᠬᠤ ᠠᠷᠢᠭᠤᠨ ᠴᠡᠪᠡᠷ ᠤᠨ ᠲᠣᠭᠲᠠᠴᠠ ᠶᠢ ᠪᠣᠶ ᠪᠤᠯᠭᠠᠵᠤ᠂ ᠰᠢᠨ᠎ᠡ ᠰᠤᠷᠭᠤᠭ ᠤᠷᠴᠢᠨ ᠲᠤᠭᠤᠷᠢᠨ ᠢ ᠬᠠᠮᠲᠤᠪᠠᠷ ᠪᠤᠢ ᠪᠤᠯᠭᠠᠨ᠎ᠠ᠃
     ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠠᠴᠠ ᠦᠷᠭᠦᠯᠵᠢᠯᠡᠨ ︽ᠨᠢᠭᠡ ᠳᠤ ᠤᠬᠢᠶᠠᠵᠤ ᠬᠤᠶᠠᠷ ᠲᠤ ᠨᠡᠶᠢᠳᠡᠮ ᠱᠦᠭᠦᠷᠳᠡᠬᠦ᠂ ᠭᠤᠷᠪᠠᠨ ᠡᠭᠡᠯᠵᠢ ᠡᠭᠡᠯᠵᠢᠯᠡᠨ ᠠᠵᠢᠯᠯᠠᠬᠤ᠂ ᠪᠦᠬᠦᠯᠢ ᠡᠳᠦᠷ ᠢᠶᠠᠷ ᠠᠷᠢᠭᠤᠨ ᠴᠡᠪᠡᠷ ᠢ ᠬᠠᠮᠠᠭᠠᠯᠠᠬᠤ︾ ᠨᠠᠷᠢᠯᠢᠭᠵᠢᠭᠤᠯᠤᠭᠰᠠᠨ ᠠᠵᠢᠯ ᠤᠨ ᠵᠠᠭᠪᠤᠷ ᠶᠣᠰᠣᠭᠠᠷ᠂ ᠵᠠᠮ ᠢ ᠤᠬᠢᠶᠠᠵᠤ ᠴᠡᠪᠡᠷᠯᠡᠬᠦ ᠠᠵᠢᠯ ᠢ ᠪᠠᠶᠢᠩᠭᠤᠵᠢᠭᠤᠯᠬᠤ᠂ ᠦᠷᠭᠦᠯᠵᠢᠯᠡᠭᠦᠯᠬᠦ᠂ ᠵᠢᠷᠤᠮᠵᠢᠭᠤᠯᠤᠨ ᠥᠷᠨᠢᠭᠦᠯᠵᠦ᠂ ᠠᠭᠠᠷ ᠢ ᠨᠡᠩ ᠰᠢᠨ᠎ᠡ ᠰᠣᠷᠭᠤᠭ ᠪᠣᠯᠭᠠᠵᠤ᠂ ᠬᠤᠳᠠ ᠶᠢ ᠨᠡᠩ ᠲᠠᠭᠠᠯᠠᠮᠵᠢᠲᠠᠢ ᠪᠣᠯᠭᠠᠵᠤ᠂ ᠬᠤᠳᠠ ᠶᠢᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠪᠠᠲᠤᠯᠠᠨ᠎ᠠ᠃
          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号