ᠵᠠᠮ ᠤᠨ ᠠᠷᠢᠭᠤᠨ ᠴᠡᠪᠡᠷ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠵᠠᠮ ᠤᠨ | ᠣᠷᠴᠢᠨ ᠲᠣᠭᠤᠷᠢᠨ ᠤ ᠠᠷᠢᠭᠤᠨ ᠴᠡᠪᠡᠷ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠵᠠᠮ ᠤᠨ ᠲᠤᠭᠤᠰᠤᠨ ᠤ | ᠪᠣᠬᠢᠷᠲᠤᠯ ᠢ ᠪᠠᠭᠠᠰᠬᠠᠵᠤ᠂ ᠴᠡᠪᠡᠷ ᠲᠡᠭᠰᠢ ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠢ ᠪᠣᠶ ᠪᠣᠯᠭᠠᠬᠤ ᠶᠢᠨ | ᠲᠥᠯᠥᠭᠡ᠂ ᠵᠤᠨ ᠠᠴᠠ ᠨᠠᠭᠠᠰᠢ᠂ ᠢᠦᠶ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ | ᠦᠢᠯᠡᠴᠢᠯᠡᠭᠡᠨ ᠤ ᠲᠥᠪ ᠲᠣᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ | ᠨᠠᠷᠢᠯᠢᠬᠵᠢᠭᠤᠯᠤᠭᠰᠠᠨ ᠠᠵᠢᠯ ᠢᠶᠠᠷ ᠬᠦᠴᠦᠯᠡᠬᠦ ᠴᠡᠭ ᠪᠣᠯᠭᠠᠵᠤ᠂ ᠠᠷᠢᠭᠤᠨ ᠴᠡᠪᠡᠷ ᠤᠨ ᠠᠵᠢᠯᠲᠠᠨ ᠵᠢᠴᠢ | ᠮᠠᠰᠢᠨᠴᠢᠯᠠᠯᠲᠠ ᠪᠠᠷ ᠠᠵᠢᠯᠯᠠᠬᠤ ᠲᠡᠷᠭᠡ ᠬᠥᠰᠬᠡ ᠶᠢ ᠴᠠᠭ ᠲᠤᠬᠠᠶ ᠳᠤᠨᠢ ᠵᠣᠬᠢᠶᠠᠨ ᠪᠠᠶᠢᠭᠤᠯᠵᠤ᠂ ᠬᠠᠷᠢᠶ᠎ᠠ | ᠣᠷᠣᠨ ᠤ ᠪᠠᠨ ᠬᠥᠮᠦᠨ ᠤ ᠶᠠᠪᠤᠵᠤ ᠰᠠᠭᠤᠬᠤ ᠵᠠᠮ ᠳᠤ ᠲᠤᠰᠬᠠᠶ ᠤᠬᠢᠶᠠᠯᠭ᠎ᠠ ᠶᠢᠨ ᠠᠵᠢᠯᠯᠠᠭ᠎ᠠ ᠶᠢ ᠲᠥᠪᠯᠡᠷᠡᠭᠦᠯᠦᠨ | ᠥᠷᠨᠢᠭᠦᠯᠵᠦ᠂ ᠵᠠᠮ ᠤᠨ ︽ᠳᠦᠷᠢ ᠳᠦᠷᠬᠦ︾ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ | | | | | ᠣᠶᠢᠷ᠎ᠠ ᠶᠢᠨ ᠬᠤᠭᠤᠴᠠᠭᠠᠨ ᠤ ᠵᠣᠨ ᠤ ᠤᠯᠠᠷᠢᠯ ᠤᠨ ᠥᠨᠳᠥᠷ ᠳᠤᠯᠠᠭᠠᠨ ᠳᠤ ᠭᠠᠩ ᠬᠠᠭᠤᠷᠠᠶ ᠲᠣᠭᠤᠰᠣ | ᠰᠢᠷᠣᠶ ᠨᠡᠯᠢᠶᠡᠳ ᠠᠷᠪᠢᠨ ᠪᠠᠶᠢᠬᠤ ᠪᠣᠳᠠᠲᠤ ᠪᠠᠶᠢᠳᠠᠯ ᠳᠤ ᠴᠢᠭᠯᠡᠭᠦᠯᠦᠨ᠂ ᠡᠳᠦᠷ ᠪᠦᠷᠢ ᠵᠠᠮ ᠳᠤ | ᠮᠠᠰᠢᠨᠴᠢᠯᠠᠯᠲᠠ ᠪᠠᠷ ᠤᠰᠤ ᠰᠦᠷᠴᠢᠵᠦ ᠲᠣᠭᠤᠰᠣ ᠪᠠᠭᠤᠷᠠᠭᠤᠯᠬᠤ ᠡᠷᠴᠢᠮ ᠢᠶᠠᠨ ᠴᠢᠩᠭᠠᠷᠠᠭᠤᠯᠬᠤ ᠶᠢᠨ ᠬᠠᠮᠲᠤ᠂ | ᠥᠨᠳᠥᠷ ᠳᠠᠷᠤᠯᠲᠠ ᠪᠠᠷ ᠤᠬᠢᠶᠠᠬᠤ ᠪᠠ ᠬᠥᠮᠦᠨ ᠤ ᠬᠦᠴᠦ ᠪᠠᠷ ᠲᠦᠷᠭᠡᠨ ᠲᠣᠭᠤᠷᠢᠨ ᠠᠷᠢᠭᠤᠳᠬᠠᠬᠤ ᠶᠢ | ᠤᠶᠠᠯᠳᠤᠭᠤᠯᠬᠤ ᠠᠵᠢᠯᠯᠠᠬᠤ ᠠᠷᠭ᠎ᠠ ᠮᠠᠶ᠋ᠢᠭ ᠢ ᠠᠪᠴᠤ᠂ ︽ᠵᠠᠮ ᠱᠦᠭᠦᠷᠳᠡᠵᠦ︾ ᠪᠠᠶᠢᠭᠰᠠᠨ ᠢ ︽ᠵᠠᠮ ᠴᠡᠪᠡᠷᠯᠡᠵᠦ | ︾᠂ ᠴᠠᠭ ᠢ ᠵᠥᠷᠢᠭᠦᠯᠦᠨ ᠭᠤᠤᠯ ᠪᠠ ᠳᠡᠳ᠋ ᠵᠠᠮ᠂ ᠠᠷᠤ ᠵᠡᠭᠡᠯᠢ᠂ ᠠᠭᠤᠳᠠᠮ ᠲᠠᠯᠠᠪᠠᠶ᠂ ᠬᠤᠳᠠᠯᠳᠤᠭᠠᠨ ᠤ ᠬᠡᠲᠦ | ᠳᠡᠯᠭᠡᠭᠦᠷ ᠵᠡᠷᠭᠡ ᠵᠠᠮ ᠤᠨ ᠬᠤᠶᠠᠷ ᠬᠠᠵᠠᠭᠤ ᠶᠢᠨ ᠶᠠᠪᠠᠭᠠᠨ ᠬᠥᠮᠦᠨ ᠤ ᠵᠠᠮ ᠵᠢᠴᠢ ᠵᠠᠮ ᠳᠠᠭᠠᠤ ᠶᠢᠨ ᠴᠢᠯᠠᠭᠤ᠂ | ᠮᠣᠳᠣᠨ ᠤ ᠨᠦᠬᠡ᠂ ᠬᠤᠳᠠᠯᠳᠤᠭᠠᠨ ᠤ ᠡᠷᠦᠬᠡ ᠶᠢᠨ ᠡᠭᠦᠳᠡᠨ ᠶᠡᠨᠳᠡᠷ᠂ ᠲᠡᠷᠭᠡᠨ ᠵᠤᠭᠰᠤᠭᠠᠯ᠂ ᠬᠤᠭ ᠨᠤᠪᠰᠢ ᠶᠢᠨ | ᠬᠠᠶᠢᠷᠴᠠᠭ᠂ ᠪᠤᠷᠤᠭᠠᠨ ᠤ ᠱᠦᠭᠦᠷ᠂ ᠬᠤᠲᠠ ᠶᠢᠨ ᠶᠠᠪᠤᠳᠠᠯ ᠤᠨ ᠲᠥᠬᠦᠭᠡᠷᠦᠮᠵᠢ ᠳᠤ ᠪᠥᠬᠦ ᠲᠠᠯ᠎ᠠ ᠶᠢᠨ᠂ ᠥᠨᠴᠥᠭ | ᠪᠤᠯᠤᠩ ᠥᠬᠡᠶ ᠤᠬᠢᠶᠠᠬᠤ ᠠᠵᠢᠯ ᠬᠢᠵᠦ᠂ ᠵᠠᠮ ᠤᠨ ᠭᠠᠳᠠᠷᠭᠤ᠂ ᠥᠨᠴᠥᠭ ᠪᠤᠯᠤᠩ ᠤᠨ ᠡᠯᠡᠰᠦ ᠰᠢᠷᠤᠢ ᠪᠠ ᠬᠤᠭ | ᠨᠣᠪᠰᠢ ᠶᠢ ᠭᠦᠨ ᠳᠠᠪᠬᠤᠷᠭ᠎ᠠ ᠪᠠᠷ ᠴᠡᠪᠡᠷᠯᠡᠵᠦ᠂ ᠶᠠᠪᠠᠭᠠᠨ ᠬᠥᠮᠦᠨ ᠤ ᠵᠠᠮ ᠤᠨ ᠭᠠᠳᠠᠷᠭᠤ ᠶᠢᠨ ᠤᠭ ᠦᠩᠭᠡ ᠶᠢ | ᠬᠠᠷᠠᠭᠤᠯᠵᠤ᠂ ᠳᠡᠭᠳᠡᠮᠡᠯ ᠰᠢᠷᠣᠶ ᠥᠬᠡᠶ᠂ ᠡᠯᠳᠡᠪ ᠪᠣᠳᠠᠰ ᠥᠬᠡᠶ ᠪᠠᠶᠢᠬᠤ ᠶᠢ ᠦᠨᠡᠨ ᠬᠦ ᠪᠠᠲᠤᠯᠠᠵᠤ᠂ | ᠲᠥᠬᠦᠭᠡᠷᠦᠮᠵᠢ ᠳᠤ ᠪᠤᠵᠠᠷ ᠪᠤᠷᠲᠠᠭ ᠥᠬᠡᠶ ᠪᠠᠶᠢᠵᠤ᠂ ᠠᠭᠠᠷ ᠤᠨ ᠲᠤᠭᠤᠰᠤᠨ ᠤ ᠪᠣᠬᠢᠷᠳᠤᠯ ᠢ ᠪᠦᠲᠦᠮᠵᠢᠲᠡᠢ | ᠪᠠᠭᠠᠰᠬᠠᠨ᠂ ᠵᠠᠮ ᠤᠨ ᠴᠡᠪᠡᠷᠴᠡ ᠶᠢ ᠦᠡᠨᠡᠬᠦ ᠳᠡᠭᠡᠭᠰᠢᠯᠡᠭᠦᠯᠵᠦ᠂ ᠬᠤᠲᠠ ᠶᠢᠨ ᠠᠷᠠᠳ ᠲᠤ ᠰᠠᠶᠢᠨ ᠰᠠᠶᠢᠬᠠᠨ | ᠶᠠᠪᠤᠵᠤ ᠰᠠᠭᠤᠬᠤ ᠨᠥᠬᠦᠴᠡᠯ ᠢ ᠬᠠᠩᠭᠠᠪᠠ᠃ | | | | | ᠲᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ | ᠴᠡᠪᠡᠷ ᠤᠨ ᠦᠢᠯᠡᠴᠢᠯᠡᠭᠡᠨ ᠤ ᠲᠥᠪ ᠠᠴᠠ ᠵᠠᠮ ᠳᠤ ᠤᠰᠤ ᠰᠦᠷᠴᠢᠨ ᠲᠣᠭᠤᠰᠣ ᠪᠠᠭᠤᠷᠠᠭᠤᠯᠬᠤ᠂ ᠤᠬᠢᠶᠠᠬᠤ | ᠨᠠᠷᠢᠯᠢᠬᠵᠢᠭᠤᠯᠤᠭᠰᠠᠨ ᠠᠵᠢᠯ ᠤᠨ ᠡᠷᠴᠢᠮ ᠢ ᠦᠷᠭᠦᠯᠵᠢᠯᠡᠨ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠠᠷᠭ᠎ᠠ | ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠵᠣᠨ ᠤ ᠤᠯᠠᠷᠢᠯ ᠤᠨ ᠵᠠᠮ ᠤᠨ ᠨᠠᠷᠢᠯᠢᠬᠵᠢᠭᠤᠯᠤᠭᠰᠠᠨ ᠠᠷᠢᠭᠤᠨ | ᠴᠡᠪᠡᠷ ᠤᠨ ᠠᠵᠢᠯ ᠢ ᠯᠠᠪᠳᠠᠭᠤᠨ ᠢᠶᠠᠷ ᠠᠬᠢᠭᠤᠯᠬᠤ ᠶᠢ ᠦᠨᠡᠨ ᠬᠦ ᠪᠠᠲᠤᠯᠠᠨ᠎ᠠ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ |