ᠣᠷᠳᠣᠰ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠄ ᠬᠡᠷ ᠤᠨ ᠡᠭᠦᠳᠡᠨ ᠳᠠᠬᠢ ᠰᠢᠯᠢᠳᠡᠭ ᠦᠢᠯᠡᠴᠢᠯᠡᠭᠡ ᠬᠠᠩᠭᠠᠬᠤ ᠨᠢ ᠰᠠᠭᠤᠭᠠᠯᠢ ᠠᠷᠠᠳ ᠲᠤ ᠨᠠᠩ ᠢᠯᠡᠭᠦᠤ ︽ᠲᠦᠰᠢᠭ︾ ᠲᠠᠢ ᠪᠣᠯᠪᠠ
ᠨᠡᠶᠢᠲᠡᠯᠡᠭᠰᠡᠨ ᠴᠠᠭ᠄
2024/5/21
     ᠡᠩ ᠤᠨ ᠦᠶ᠎ᠡ ᠶᠢᠨ ᠠᠵᠢᠯ ᠤᠨ ᠳᠤᠮᠳᠠ ᠶᠡᠭᠡ ᠳᠡᠮᠵᠢᠯᠭᠡ ᠦᠵᠡᠭᠦᠯᠦᠭᠰᠡᠨ  ᠲᠤᠤᠷᠵᠢᠭᠰᠠᠨ ᠰᠦᠯᠵᠢᠶᠡᠨ ᠤ ᠠᠵᠢᠯᠲᠠᠳ ᠲᠤ ᠲᠠᠯᠠᠷᠬᠠᠬᠤ ᠶᠢᠨ ᠲᠦᠯᠦᠭᠡ᠂ ᠣᠶᠢᠷ᠎ᠠ ᠳᠤ᠂ ᠣᠷᠳᠣᠰ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ︽ᠡᠬᠡ ᠶᠢᠨ ᠡᠷᠡᠭᠦᠯ ᠮᠡᠨᠳᠦ ᠶᠢ ᠬᠠᠯᠠᠮᠵᠢᠯᠠᠨ ᠬᠠᠶᠢᠷᠠᠯᠠᠬᠤ︾ ᠪᠡᠶ᠎ᠡ ᠶᠢᠨ ᠪᠠᠶᠢᠴᠠᠭᠠᠯᠲᠠ ᠶᠢᠨ ᠠᠵᠢᠯᠯᠠᠭ᠎ᠠ ᠭᠠᠷᠭᠠᠵᠤ᠂ ᠦᠷᠭᠦᠯᠵᠢ ᠲᠣᠬᠢᠶᠠᠯᠳᠤᠬᠤ ᠡᠮᠡᠭᠲᠡᠶ ᠶᠢᠨ ᠰᠠᠯᠠᠭᠠᠨ ᠤ ᠡᠪᠡᠳᠴᠢᠨ ᠡᠮᠭᠡᠭ ᠢ ᠡᠮᠨᠡᠨ ᠵᠠᠰᠠᠭᠠᠳ ᠡᠮᠴᠢᠯᠡᠭᠡᠨ ᠤ ᠲᠤᠷᠰᠢᠯᠭ᠎ᠠ ᠲᠠᠢ ᠡᠮᠴᠢ ᠠᠴᠠ ᠪᠡᠶ᠎ᠡ ᠶᠢᠨ ᠪᠠᠶᠢᠴᠠᠭᠠᠯᠲᠠ ᠬᠢᠵᠦ᠂ ᠨᠡᠶᠢᠭᠡᠮ ᠲᠣᠭᠤᠷᠢᠭ ᠤᠨ ᠲᠤᠤᠷᠵᠢᠭᠰᠠᠨ ᠰᠦᠯᠵᠢᠶᠡᠨ ᠤ ᠠᠵᠢᠯᠲᠠᠳ ᠲᠤ ᠡᠮᠡᠭᠲᠡᠶ ᠶᠢᠨ ᠰᠠᠯᠠᠭ᠎ᠠ᠂ ᠬᠥᠬᠦᠨ ᠤ ᠪᠤᠯᠴᠢᠷᠬᠠᠶ ᠪᠠ ᠪᠠᠮᠪᠠᠢ ᠪᠤᠯᠴᠢᠷᠬᠠᠶ ᠶᠢᠨ ᠵᠢᠷᠤᠭ ᠳᠦᠷᠰᠦ ᠵᠡᠷᠭᠡ ᠪᠠᠶᠢᠴᠠᠭᠠᠯᠲᠠ ᠵᠢᠴᠢ TCT᠂ HPV ᠪᠠᠶᠢᠴᠠᠭᠠᠯᠲᠠ ᠪᠠ ᠬᠠᠯᠳᠠᠪᠤᠷᠢᠯᠠᠯ ᠤᠨ ᠡᠮᠴᠢᠯᠡᠭᠡ ᠵᠡᠷᠭᠡ ᠪᠠᠶᠢᠴᠠᠭᠠᠯᠲᠠ ᠥᠷᠨᠢᠭᠦᠯᠪᠡ᠃
     ᠣᠷᠳᠣᠰ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠹᠦ᠋ ᠯᠢ ᠲᠤᠤ ᠶᠢᠨ ᠲᠠᠨᠢᠯᠴᠠᠭᠤᠯᠤᠭᠰᠠᠨ ᠢᠶᠠᠷ᠂ ᠣᠷᠳᠣᠰ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠰᠠᠭᠤᠭᠠᠯᠢ ᠠᠷᠠᠳ ᠤᠨ ᠣᠶᠢᠷ᠎ᠠ ᠬᠠᠪᠢ ᠳᠠᠭᠠᠨ ᠡᠪᠡᠳᠴᠢᠨ ᠦᠵᠡᠭᠦᠯᠬᠦ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠲᠥᠪ ᠡᠮ ᠤᠨ ᠳᠡᠯᠭᠡᠭᠦᠷ ᠣᠳᠣᠬᠠᠨ ᠳᠤ ᠪᠠᠷᠤᠭ 320 ᠭᠠᠷᠤᠢ ᠵᠦᠢᠯ ᠤᠨ ᠧᠦ᠋ᠷᠣᠫᠠ ᠡᠮ ᠪᠠᠶᠢᠨ᠎ᠠ᠂ ᠡᠭᠦᠨ ᠳᠤ ︽4 +7︾ ᠡᠮ ᠨᠡᠶᠢᠲᠡ 121 ᠵᠦᠢᠯ ᠪᠠᠶᠢᠵᠤ᠂ ᠡᠮ ᠪᠦᠬᠦᠨ ᠳᠤ ᠰᠦᠯᠵᠢᠶᠡᠨ ᠳᠡᠭᠡᠷ᠎ᠡ ᠬᠤᠳᠠᠯᠳᠤᠨ ᠠᠪᠬᠤ᠂ ᠬᠤᠶᠠᠷ ᠪᠢᠯᠧᠲ ᠤᠨ ᠲᠦᠷᠢᠮ ᠪᠠ ᠦᠨ᠎ᠡ ᠶᠢᠨ ᠵᠥᠷᠢᠶ᠎ᠡ ᠦᠭᠡᠢ ᠦᠨ᠎ᠡ ᠶᠢ ᠬᠡᠷᠡᠭᠵᠢᠭᠦᠯᠪᠡ᠃ ᠰᠠᠭᠤᠷᠢ ᠴᠢᠨᠠᠷᠲᠠᠢ ᠡᠪᠡᠳᠴᠢᠨ ︵ᠵᠢᠱᠢᠶᠡᠯᠡᠪᠡᠯ ᠥᠨᠳᠥᠷ ᠴᠢᠰᠤᠨ ᠳᠠᠷᠤᠯᠲᠠ᠂ ᠰᠢᠬᠢᠷ ᠰᠢᠵᠢᠩ ᠡᠪᠡᠳᠴᠢᠨ᠂ ᠲᠠᠭᠰᠢᠭᠤᠷ᠂ ᠨᠢᠷᠤᠭᠤ ᠬᠦᠯ ᠡᠪᠡᠳᠬᠦ ᠵᠡᠷᠭᠡ ᠡᠪᠡᠳᠴᠢᠨ︶ ᠢ ᠴᠥᠮ ᠲᠥᠪ ᠲᠤ ᠡᠮᠨᠡᠨ ᠵᠠᠰᠠᠬᠤ ᠶᠢᠨ ᠬᠠᠮᠲᠤ ᠲᠥᠪ ᠠᠴᠠ ᠥᠪᠥᠷ ᠮᠣᠩᠭᠤᠯ ᠤᠨ ᠡᠮ ᠡᠮᠨᠡᠯᠭᠡ ᠶᠢᠨ ᠳᠠᠭᠠᠳᠬᠠᠯ᠂ ᠥᠪᠥᠷ ᠮᠣᠩᠭᠤᠯ ᠤᠨ ᠣᠨᠳᠣᠣ ᠭᠠᠵᠠᠷ᠂ ᠬᠥᠬᠡᠬᠤᠲᠠ ᠶᠢᠨ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠬᠡ ᠶᠢᠨ ᠺᠠᠷᠲ ᠰᠢᠷᠪᠢᠬᠦ᠂ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠵᠢᠭᠦᠯᠬᠦ ᠦᠢᠯᠡᠴᠢᠯᠡᠭᠡ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠵᠢᠭᠦᠯᠬᠦ ᠦᠢᠯᠡᠴᠢᠯᠡᠭᠡ ᠬᠠᠩᠭᠠᠵᠤ ᠪᠣᠯᠣᠨ᠎ᠠ᠃ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠦᠴᠦᠲᠡᠶ ᠳᠡᠮᠵᠢᠯᠭᠡ ᠳᠣᠤᠷ᠎ᠠ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠪᠡᠳᠴᠢᠨ ᠦᠵᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠬᠠᠷᠢᠴᠠᠯ ᠨᠡᠯᠢᠶᠡᠳ ᠥᠨᠳᠥᠷ ᠪᠠᠶᠢᠵᠤ᠂ ᠰᠠᠭᠤᠭᠠᠯᠢ ᠠᠷᠠᠳ ᠲᠤ ᠬᠡᠷ ᠤᠨ ᠡᠭᠦᠳᠡᠨ ᠳᠤ ᠳᠥᠭᠦᠮ ᠳᠥᠲᠡ ᠡᠮᠴᠢᠯᠡᠭᠡᠨ ᠤ ᠦᠢᠯᠡᠴᠢᠯᠡᠭᠡ ᠬᠦᠷᠲᠡᠭᠡᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠡᠪᠡᠳᠴᠢᠨ ᠦᠵᠡᠭᠦᠯᠬᠦ ᠳᠤ ᠬᠦᠴᠢᠷᠲᠡᠶ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠰᠠᠭᠤᠭᠠᠯᠢ ᠠᠷᠠᠳ ᠤᠨ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠪᠡ᠃
     ᠡᠭᠦᠨ ᠤ ᠬᠠᠮᠲᠤ᠂ ᠲᠥᠪ ᠠᠴᠠ ᠪᠠᠰᠠ ᠬᠢᠲᠠᠳ ᠡᠮᠨᠡᠯᠭᠡ ᠶᠢᠨ ᠰᠣᠶᠣᠯ ᠢ ᠢᠳᠡᠪᠬᠢᠲᠡᠶ ᠪᠠᠳᠠᠷᠠᠭᠤᠯᠵᠤ᠂ ᠬᠢᠲᠠᠳ ᠡᠮᠨᠡᠯᠭᠡ ᠶᠢᠨ ᠣᠷᠳᠣᠨ ᠤ ᠪᠠᠶᠢᠭᠤᠯᠤᠯᠲᠠ ᠶᠢ ᠲᠡᠭᠦᠯᠳᠡᠷᠵᠢᠭᠦᠯᠪᠡ᠃ ᠬᠢᠲᠠᠳ ᠡᠮᠨᠡᠯᠭᠡ ᠶᠢᠨ ᠴᠢᠨᠠᠬᠤ ᠡᠮ᠂ ᠵᠡᠭᠦᠦ ᠲᠥᠭᠡᠨᠡᠯᠭᠡ᠂ ᠢᠯᠢᠵᠦ ᠪᠠᠷᠢᠬᠤ᠂ ᠹᠢᠽᠢᠺ ᠵᠠᠰᠠᠯ᠂ ᠡᠷᠡᠭᠦᠯ ᠪᠤᠯᠬᠤ᠂ ᠢᠯᠢᠵᠦ ᠨᠤᠬᠤᠯᠬᠤ᠂ 6 ᠲᠥᠷᠥᠯ 10 ᠵᠦᠢᠯ ᠵᠡᠷᠭᠡ ᠬᠢᠲᠠᠳ ᠡᠮᠨᠡᠯᠭᠡ ᠶᠢᠨ ᠲᠣᠬᠢᠷᠠᠮᠵᠢᠲᠠᠶ ᠮᠡᠷᠭᠡᠵᠢᠯ ᠢ ᠦᠷᠨᠢᠭᠦᠯᠪᠡ︔ ᠭᠡᠷ ᠪᠦᠯᠢ ᠶᠢᠨ ᠡᠮᠴᠢ ᠶᠢᠨ ᠦᠢᠯᠡᠴᠢᠯᠡᠭᠡᠨ ᠤ ᠪᠦᠯᠬᠦᠮ ᠪᠠᠶᠢᠭᠤᠯᠤᠨ᠂ ᠭᠤᠤᠯᠳᠠᠭᠤ ᠬᠠᠷᠢᠶ᠎ᠠ ᠣᠷᠣᠨ ᠤ ︽ᠨᠢᠭᠡ ᠨᠠᠰᠤᠲᠠᠨ ᠨᠢᠭᠡ ᠨᠢᠯᠬᠠᠰ︾ ᠲᠤ ᠦᠢᠯᠡᠴᠢᠯᠡᠬᠦ ᠪᠠᠷ ᠭᠤᠤᠯᠳᠠᠯᠭ᠎ᠠ ᠪᠣᠯᠭᠠᠵᠤ᠂ ᠤᠷᠢᠳᠠᠪᠠᠷ ᠬᠠᠮᠤᠷᠴᠤ᠂ ᠤᠷᠢᠳᠠᠪᠠᠷ ᠦᠢᠯᠡᠴᠢᠯᠡᠵᠦ᠂ ᠢᠯᠠᠩᠭᠤᠶ᠎ᠠ ᠬᠥᠳᠡᠯᠵᠦ ᠪᠠᠷᠢᠬᠤ ᠳᠤ ᠳᠥᠭᠦᠮ ᠦᠭᠡᠢ ᠰᠠᠭᠤᠭᠠᠯᠢ ᠠᠷᠠᠳ ᠲᠤ ᠴᠢᠭᠯᠡᠭᠦᠯᠦᠨ᠂ ᠲᠥᠷᠥ ᠶᠢᠨ ᠪᠣᠳᠣᠯᠭ᠎ᠠ ᠶᠢᠨ ᠵᠥᠪᠰᠢᠶᠡᠷᠡᠬᠦ ᠬᠡᠪᠴᠢᠶᠡᠨ ᠳᠣᠲᠣᠷ᠎ᠠ ︽ᠭᠡᠷ ᠲᠤᠨᠢ ᠬᠦᠷᠴᠦ ᠡᠮᠴᠢᠯᠡᠭᠡ ᠬᠦᠷᠭᠡᠵᠦ᠂ ᠪᠠᠶᠢᠴᠠᠭᠠᠯᠲᠠ ᠬᠢᠯᠭᠡᠬᠦ︾ ᠦᠢᠯᠡᠴᠢᠯᠡᠭᠡ ᠬᠠᠩᠭᠠᠵᠤ᠂ ᠪᠠᠰᠠ ᠭᠡᠷ ᠲᠤᠨᠢ ᠬᠦᠷᠴᠦ ᠡᠪᠡᠳᠴᠢᠲᠡᠨ ᠳᠤ ᠪᠤᠷᠭᠤᠶᠢᠳᠠᠨ ᠰᠢᠭᠡᠯᠭᠡᠬᠦ᠂ ᠤᠳᠠᠰᠤ ᠶᠢ  ᠨᠢ ᠠᠪᠬᠤ᠂ ᠡᠮ ᠰᠣᠯᠢᠬᠤ ᠵᠡᠷᠭᠡ ᠦᠢᠯᠡᠴᠢᠯᠡᠭᠡ ᠬᠠᠩᠭᠠᠵᠤ ᠪᠣᠯᠤᠨ᠎ᠠ᠃
     ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠪᠣᠯ ᠬᠤᠲᠠ ᠶᠢᠨ ᠡᠷᠡᠭᠦᠯ ᠬᠠᠮᠠᠭᠠᠯᠠᠯ ᠤᠨ ᠠᠵᠢᠯ ᠤᠨ ᠴᠢᠬᠤᠯᠠ ᠪᠦᠷᠢᠯᠳᠦᠬᠦᠨ ᠬᠡᠰᠡᠭ᠂ ᠬᠥᠮᠦᠨ ᠪᠣᠯᠭᠠᠨ ᠠᠩᠬ᠎ᠠ ᠵᠡᠷᠭᠡ ᠶᠢᠨ ᠡᠷᠡᠭᠦᠯ ᠬᠠᠮᠠᠭᠠᠯᠠᠯ ᠡᠷᠡᠭᠦᠯᠵᠢᠯ ᠤᠨ ᠬᠠᠷᠠᠯᠲᠠ ᠶᠢ ᠡᠳ᠋ᠯᠡᠬᠦ ᠰᠠᠭᠤᠷᠢ ᠭᠤᠭᠴᠤᠭ᠎ᠠ ᠮᠥᠨ᠂ ︽ᠡᠷᠡᠭᠦᠯ ᠮᠡᠨᠳᠦ ᠪᠠᠷ ᠡᠭᠦᠳᠡ ᠰᠠᠬᠢᠭᠴᠢ︾ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠲᠠᠷᠠᠭᠠᠴᠢ ᠶᠢᠨ ᠠᠯᠬᠤᠮ ᠳᠤ᠂ ᠣᠷᠳᠣᠰ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢ ᠪᠠᠨ ᠬᠦᠴᠦᠯᠡᠨ ᠳᠡᠭᠡᠭᠰᠢᠯᠡᠭᠦᠯᠵᠦ᠂ ᠰᠠᠭᠤᠭᠠᠯᠢ ᠠᠷᠠᠳ ᠲᠤ ᠨᠠᠩ ᠢᠯᠡᠭᠦᠦ ︽ᠲᠦᠰᠢᠭ︾ ᠲᠠᠢ ᠪᠤᠯᠭᠠᠨ᠎ᠠ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号