ᠢᠦᠢ ᠴᠢᠤᠸᠠᠨ ᠲᠣᠭᠤᠷᠢᠭ ᠰᠠᠶᠢᠨ ᠬᠥᠮᠦᠨ ᠲᠠᠢ ᠠᠭᠤᠯᠵᠠᠵᠤ ᠰᠣᠯᠢᠯᠴᠠᠬᠤ ᠠᠵᠢᠯᠯᠠᠭ᠎ᠠ ᠶᠢ ᠱᠢ ᠳ᠋ᠦᠩ ᠵᠠᠮ ᠤᠨ ᠵᠡᠭᠡᠯᠢ ᠭᠤᠳᠤᠮᠵᠢ ᠶᠢᠨ ᠬᠤᠵᠢᠷᠲᠤ ᠲᠠᠯ᠎ᠠ ᠲᠣᠰᠬᠤᠨ ᠳᠤ ᠬᠦᠷᠭᠡᠪᠡ
ᠨᠡᠶᠢᠲᠡᠯᠡᠭᠰᠡᠨ ᠴᠠᠭ᠄
2024/5/21
     ᠶᠣᠰᠣ ᠰᠤᠷᠲᠠᠬᠤᠨ ᠤ ᠵᠢᠱᠢᠶᠡᠴᠢ ᠶᠢᠨ ᠰᠤᠷᠤᠯᠴᠠᠯᠭ᠎ᠠ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠪᠥᠬᠦ ᠲᠤᠭᠤᠷᠢᠭ ᠲᠤ ᠰᠢᠨ᠎ᠡ ᠨᠢᠭᠡ ᠡᠭᠡᠯᠵᠢ ᠶᠢᠨ ᠶᠣᠰᠣ ᠰᠤᠷᠲᠠᠬᠤᠨ ᠤ ᠵᠢᠱᠢᠶᠡᠴᠢ ᠠᠴᠠ ᠰᠤᠷᠤᠯᠴᠠᠬᠤ᠂ ᠶᠣᠰᠣ ᠰᠤᠷᠲᠠᠬᠤᠨ ᠤ ᠵᠢᠱᠢᠶᠡᠴᠢ ᠶᠢ ᠡᠷᠬᠢᠮᠯᠡᠬᠦ᠂ ᠶᠣᠰᠣ ᠰᠤᠷᠲᠠᠬᠤᠨ ᠤ ᠵᠢᠱᠢᠶᠡᠴᠢ ᠪᠣᠯᠬᠤ ᠪᠠᠷ ᠴᠢᠷᠮᠠᠶᠢᠬᠤ ᠬᠠᠯᠠᠭᠤᠨ ᠥᠷᠨᠢᠯᠲᠡ ᠶᠢ ᠪᠣᠶ ᠪᠣᠯᠭᠠᠵᠤ᠂ ᠬᠥᠮᠦᠰ ᠢ ᠬᠥᠲᠥᠯᠦᠨ ᠵᠢᠯᠣᠭᠤᠳᠴᠤ ᠪᠠᠶᠢᠭᠠᠳ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠬᠤ᠂ ᠶᠣᠰᠣ ᠮᠣᠷᠠᠯ ᠢ ᠡᠷᠬᠢᠮᠯᠡᠨ ᠰᠠᠶᠢᠨ ᠢ ᠬᠥᠭᠡᠭᠡᠴᠡᠯᠳᠦᠬᠦ᠂ ︽ᠰᠠᠶᠢᠨ ᠶᠠᠪᠤᠳᠠᠯ ᠬᠢᠬᠦ᠂ ᠰᠠᠶᠢᠨ ᠬᠦᠮᠦᠨ ᠪᠤᠯᠬᠤ᠂ ᠰᠠᠶᠢᠨ ᠦᠷ᠎ᠡ ᠪᠦᠲᠦᠮᠵᠢ ᠣᠯᠬᠤ︾ ᠥᠷᠲᠡᠭ ᠤᠨ ᠤᠳᠤᠷᠢᠳᠤᠮᠵᠢ ᠪᠠ ᠰᠠᠶᠢᠨ ᠰᠠᠶᠢᠬᠠᠨ ᠬᠡᠪ ᠰᠤᠷᠲᠠᠯ ᠢ ᠤᠯᠠᠮ ᠨᠢᠭᠡ ᠠᠯᠬᠤᠮ ᠪᠣᠶ ᠪᠤᠯᠭᠠᠬᠤ ᠶᠢᠨ ᠲᠦᠯᠦᠭᠡ᠂ ᠲᠦᠷᠦᠭᠦᠬᠡᠨ᠂ ᠢᠦᠶ ᠴᠢᠤᠸᠠᠨ ᠲᠣᠭᠤᠷᠢᠭ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠠᠯᠪᠠᠨ ᠬᠡᠷ ᠠᠴᠠ ᠭᠤᠤᠯᠯᠠᠨ ᠡᠷᠭᠢᠯᠡᠵᠦ᠂ ᠱᠢ ᠳ᠋ᠦᠩ ᠵᠠᠮ ᠤᠨ ᠵᠡᠭᠡᠯᠢ ᠭᠤᠳᠤᠮᠵᠢ ᠶᠢᠨ ᠣᠶᠤᠨ ᠤ ᠪᠣᠯᠪᠠᠰᠤᠨ ᠤ ᠠᠯᠪᠠᠨ ᠬᠡᠷ᠂ ᠶᠢᠩ ᠴᠦᠨ ᠨᠡᠶᠢᠭᠡᠮ ᠲᠣᠭᠤᠷᠢᠭ ᠠᠴᠠ ᠳᠠᠭᠠᠭᠠᠴᠢᠯᠠᠨ ᠡᠷᠭᠢᠯᠡᠭᠰᠡᠨ ᠢᠦᠶ ᠴᠢᠤᠸᠠᠨ ᠲᠣᠭᠤᠷᠢᠭ ᠤᠨ ᠰᠠᠶᠢᠨ ᠬᠥᠮᠦᠨ ᠲᠠᠢ ᠠᠭᠤᠯᠵᠠᠵᠤ ᠰᠣᠯᠢᠯᠴᠠᠬᠤ ᠠᠵᠢᠯᠯᠠᠭ᠎ᠠ ᠬᠤᠵᠢᠷᠲᠤ ᠲᠠᠯ᠎ᠠ ᠲᠣᠰᠬᠤᠨ ᠳᠤ ᠬᠦᠷᠴᠦ᠂ ᠠᠵᠢᠯᠯᠠᠭ᠎ᠠ ᠳᠤ ᠬᠥᠬᠡᠬᠤᠲᠠ ᠶᠢᠨ ᠶᠣᠰᠣ ᠰᠤᠷᠲᠠᠬᠤᠨ ᠤ ᠵᠢᠱᠢᠶᠡᠴᠢ ᠵᠠᠩ ᠯᠢ ᠴᠢᠶᠠᠩ ᠪᠣᠯᠤᠨ ᠬᠥᠬᠡᠬᠤᠲᠠ ᠶᠢᠨ ᠶᠣᠰᠣ ᠰᠤᠷᠲᠠᠬᠤᠨ ᠤ ᠵᠢᠱᠢᠶᠡᠴᠢ ᠶᠢᠨ ᠨᠡᠷ᠎ᠡ ᠳᠤᠷᠠᠳᠤᠭᠳᠠᠭᠰᠠᠨ ᠱᠠᠩᠨᠠᠯ ᠬᠦᠷᠲᠡᠭᠴᠢ ᠢᠦᠶ ᠫᠧᠩ ᠢ ᠤᠷᠢᠵᠤ ᠣᠯᠠᠨ ᠳᠤ ᠲᠡᠷᠢᠭᠦᠨ ᠤ ᠨᠡᠶᠢᠲᠡᠯᠢᠭ ᠦᠢᠯᠡ ᠠᠵᠢᠯᠯᠠᠭ᠎ᠠ ᠶᠢ ᠤᠬᠠᠭᠤᠯᠤᠨ ᠲᠠᠶᠢᠯᠪᠤᠷᠢᠯᠠᠪᠠ᠃
     ᠵᠠᠩ ᠯᠢ ᠴᠢᠶᠠᠩ ᠨᠥᠬᠦᠷ ᠴᠡᠷᠢᠭ ᠠᠴᠠ ᠬᠠᠯᠠᠭᠳᠠᠭᠰᠠᠨ ᠤ ᠳᠠᠷᠠᠭ᠎ᠠ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠢ ᠬᠢᠭᠰᠡᠨ ᠠᠴᠠ ᠨᠠᠭᠠᠰᠢᠬᠢ ᠲᠡᠷᠢᠭᠦᠨ ᠤ ᠦᠢᠯᠡ ᠠᠵᠢᠯᠯᠠᠭ᠎ᠠ ᠪᠠᠨ ᠣᠯᠠᠨ ᠲᠠᠢ ᠬᠤᠪᠢᠶᠠᠯᠴᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠪᠡ᠃ ᠵᠠᠮ ᠬᠠᠷᠢᠯᠴᠠᠭᠠᠨ ᠤ ᠬᠠᠮᠢᠶᠠᠷᠤᠯᠲᠠ ᠭᠡᠬᠦ ᠡᠨᠡ ᠬᠦ ᠠᠵᠢᠯ ᠤᠨ ᠪᠠᠶᠢᠷᠢ ᠳᠡᠭᠡᠷ᠎ᠡ᠂ ᠲᠡᠷᠡ ᠠᠵᠢᠯ ᠤᠨ ᠪᠠᠶᠢᠷᠢ ᠳᠠᠭᠠᠨ ᠰᠠᠭᠤᠷᠢᠯᠠᠨ ᠠᠵᠢᠯᠴᠢ ᠬᠢᠴᠢᠶᠡᠩᠭᠦᠢ᠂ ᠵᠣᠪᠠᠭᠤᠷᠢ ᠵᠦᠳᠡᠭᠦᠷᠢ ᠶᠢ ᠬᠦᠯᠢᠴᠡᠨ ᠲᠡᠰᠪᠦᠷᠢᠯᠡᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠵᠦ᠂ ᠠᠷᠠᠳ ᠲᠦᠮᠡᠨ ᠤ ᠠᠮᠢ ᠨᠠᠰᠤ ᠪᠠ ᠡᠳ᠋ ᠬᠦᠷᠦᠩᠭᠡ ᠶᠢᠨ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠵᠤ᠂ ᠡᠪ ᠬᠠᠮᠲᠤ ᠨᠠᠮ ᠤᠨ ᠭᠡᠰᠢᠭᠦᠨ ᠤ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ︽ᠵᠢᠵᠢᠭ ᠦᠯᠢᠭᠡᠷ︾ ᠢᠶᠠᠷ ︽ᠶᠡᠭᠡ ᠶᠣᠰᠣ︾ ᠶᠢ ᠶᠠᠷᠢᠵᠤ᠂ ︽ᠭᠡᠷ ᠵᠠᠭᠤᠷ᠎ᠠ ᠶᠢᠨ ᠦᠭᠡ︾ ᠪᠠᠷ ︽ᠦᠨᠡᠨ ᠤᠨᠤᠯ︾ ᠢ ᠨᠡᠪᠲᠡᠷᠡᠲᠡᠯ᠎ᠡ ᠶᠠᠷᠢᠪᠠ᠃
     ᠡᠨᠡ ᠬᠤᠭᠤᠴᠠᠭᠠᠨ ᠳᠤ᠂ ᠢᠦᠶ ᠫᠧᠩ ᠪᠠᠰᠠ ᠥᠪᠡᠷ ᠤᠨ ᠴᠡᠷᠢᠭ ᠠᠩᠭᠢ ᠶᠢᠨ ᠢᠶᠠᠨ ᠥᠯᠢᠭᠡᠷ ᠲᠠᠢ ᠪᠠᠨ ᠤᠶᠠᠯᠳᠤᠭᠤᠯᠤᠨ᠂ ᠥᠪᠡᠷ ᠤᠨ ᠪᠡᠶ᠎ᠡ ᠪᠠᠷ ᠢᠶᠠᠨ ᠴᠡᠷᠢᠭ ᠠᠩᠭᠢ ᠳᠠᠭᠠᠨ᠂ ᠠᠵᠢᠯ ᠤᠨ ᠪᠠᠶᠢᠷᠢ ᠳᠡᠭᠡᠷ᠎ᠡ ᠪᠠᠨ ᠠᠵᠢᠯ ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠵᠦ᠂ ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠲᠡᠶ ᠦᠢᠯᠡᠳᠦᠯᠭᠡᠵᠢᠭᠦᠯᠦᠭᠰᠡᠨ ᠠᠮᠢᠳᠤᠯᠢᠭ ᠦᠢᠯᠡ ᠠᠵᠢᠯᠯᠠᠭ᠎ᠠ ᠪᠠᠨ ᠶᠠᠷᠢᠵᠤ᠂ ᠬᠥᠮᠦᠰ ᠤᠨ ᠰᠡᠳᠬᠢᠯ ᠢ ᠬᠥᠳᠡᠯᠭᠡᠵᠦ᠂ ᠣᠯᠠᠨ ᠳᠤ ᠴᠠᠭ ᠦᠶ᠎ᠡ ᠶᠢᠨ ᠵᠣᠷᠢᠭ ᠰᠠᠨᠠᠭ᠎ᠠ ᠪᠠ ᠤᠯᠠᠮᠵᠢᠯᠠᠯᠲᠤ ᠰᠠᠶᠢᠬᠠᠨ ᠰᠤᠷᠲᠠᠯ ᠢ ᠲᠠᠶᠢᠯᠪᠤᠷᠢᠯᠠᠪᠠ᠃
     ᠪᠣᠷᠣᠭᠵᠢᠭᠤᠨ ᠦᠭᠡ ᠬᠡᠯᠡ᠂ ᠠᠮᠢᠳᠤᠯᠢᠭ ᠦᠯᠢᠭᠡᠷ ᠵᠢᠱᠢᠶ᠎ᠡ᠂ ᠴᠢᠩ ᠦᠨᠡᠨᠴᠢ ᠬᠠᠶᠢᠷ᠎ᠠ ᠰᠡᠳᠬᠢᠯᠭᠡ ᠨᠢ ᠲᠤᠬᠠᠢ ᠶᠢᠨ ᠲᠠᠯᠠᠪᠠᠢ ᠶᠢᠨ ᠰᠣᠨᠣᠰᠤᠭᠴᠢᠳ ᠤᠨ ᠬᠦᠷᠢᠶᠡᠯᠡᠯ ᠢ ᠣᠯᠵᠤ᠂ ᠲᠤᠬᠠᠢ ᠶᠢᠨ ᠲᠠᠯᠠᠪᠠᠢ ᠳᠤ ᠠᠯᠠᠭ᠎ᠠ ᠲᠠᠰᠢᠯᠳᠠ ᠶᠢᠨ ᠲᠠᠭᠤᠨ ᠲᠠᠰᠤᠷᠠᠯᠳᠡ ᠦᠭᠡᠢ ᠰᠣᠨᠣᠰᠤᠭᠳᠠᠪᠠ᠃ ᠲᠣᠰ ᠤᠳᠠᠭᠠᠨ ᠤ ᠢᠦᠶ ᠴᠢᠤᠸᠠᠨ ᠲᠣᠭᠤᠷᠢᠭ ᠤᠨ ᠰᠠᠶᠢᠨ ᠬᠥᠮᠦᠨ ᠲᠠᠢ ᠠᠭᠤᠯᠵᠠᠵᠤ ᠰᠣᠯᠢᠯᠴᠠᠬᠤ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠪᠣᠯᠪᠠᠰᠤᠨ ᠤ ᠪᠠᠶᠢᠭᠤᠯᠤᠯᠲᠠ ᠪᠠ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠶᠣᠰᠣ ᠰᠤᠷᠲᠠᠬᠤᠨ ᠤ ᠬᠦᠴᠦᠨ ᠢᠶᠠᠷ ᠢᠳᠡᠪᠬᠢ ᠬᠦᠴᠦᠨ ᠢ ᠨᠢᠭᠲᠠᠷᠠᠭᠤᠯᠤᠨ᠂ ᠲᠡᠷᠢᠭᠦᠨ ᠤ ᠨᠡᠶᠢᠲᠡᠯᠢᠭ ᠵᠢᠱᠢᠶ᠎ᠡ ᠠᠴᠠ ᠰᠤᠷᠤᠯᠴᠠᠵᠤ᠂ ᠣᠯᠠᠨ ᠢᠶᠠᠷ ᠢᠶᠠᠨ ᠪᠣᠳᠠᠲᠤ ᠠᠵᠢᠯᠯᠠᠭ᠎ᠠ ᠪᠠᠷ ᠢᠶᠠᠨ ᠥᠯᠢᠭᠡᠷ ᠳᠠᠭᠤᠷᠢᠶᠠᠯ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ ᠥᠯᠢᠭᠡᠷ ᠳᠠᠭᠤᠷᠢᠶᠠᠯ ᠤᠨ ᠬᠦᠴᠦᠨ ᠢᠶᠠᠨ ᠤᠯᠠᠮᠵᠢᠯᠠᠨ ᠵᠠᠯᠭᠠᠮᠵᠢᠯᠠᠬᠤ ᠶᠢ ᠵᠣᠷᠢᠭᠵᠢᠭᠤᠯᠪᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号