ᠢᠦᠢ ᠴᠢᠤᠸᠠᠨ ᠲᠣᠭᠤᠷᠢᠭ ᠪᠣᠯᠤᠨ ᠬᠤᠷᠢᠨ ᠮᠤᠵᠢ ᠶᠢᠨ ᠵᠠᠯᠠᠭᠤᠴᠤᠳ ᠪᠠᠭᠠᠴᠤᠳ ᠬᠤᠯᠪᠣᠭᠠᠯᠠᠨ ᠬᠥᠳᠡᠯᠦᠯᠴᠡᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠪᠡ
ᠨᠡᠶᠢᠲᠡᠯᠡᠭᠰᠡᠨ ᠴᠠᠭ᠄
2024/5/22
     ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤ ᠪᠠᠷ ᠪᠣᠶ ᠪᠣᠯᠭᠠᠵᠤ᠂ ᠵᠠᠯᠠᠭᠤᠴᠤᠳ ᠪᠠᠭᠠᠴᠤᠳ ᠤᠨ ᠶᠠᠪᠤᠯᠴᠠᠭ᠎ᠠ᠂ ᠰᠣᠯᠢᠯᠴᠠᠭ᠎ᠠ᠂ ᠠᠭᠤᠰᠤᠯᠴᠠᠯ ᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠢᠦᠶ ᠴᠢᠤᠸᠠᠨ ᠲᠣᠭᠤᠷᠢᠭ ᠪᠣᠯᠤᠨ ᠵᠢᠶᠠᠩᠰᠦ ᠮᠤᠵᠢ ᠶᠢᠨ ᠬᠠᠶ ᠠᠨ ᠬᠤᠲᠠ ᠬᠠᠮᠲᠤᠷᠠᠨ ︽ᠡᠭᠦᠯᠡᠨ ᠲᠠᠪᠴᠠᠩ ᠳᠤ ᠴᠤᠭᠯᠠᠷᠠᠨ ᠬᠤᠷᠢᠨ ᠮᠤᠵᠢ ᠮᠤᠵᠢ ᠠᠯᠤᠰᠯᠠᠨ ᠬᠤᠯᠪᠣᠭᠠᠯᠠᠨ ᠬᠥᠳᠡᠯᠦᠯᠴᠡᠵᠦ ︿ᠶᠠᠷᠢᠬᠤ ᠤᠯᠠᠮᠵᠢᠯᠠᠬᠤ ᠡᠭᠦᠳᠬᠦ ᠮᠠᠭᠲᠠᠬᠤ ᠪᠦᠲᠦᠭᠡᠬᠦ﹀ ᠤᠯᠠᠭᠠᠨ ᠪᠦᠴᠡ ᠠᠨᠠᠷ ᠤᠨ ᠦᠷ᠎ᠡ ᠶᠢᠨ ᠠᠵᠢᠯᠯᠠᠭ᠎ᠠ ᠶᠢᠨ ᠰᠦᠯᠵᠢᠶᠡᠨ ᠳᠡᠭᠡᠷᠡᠬᠢ ᠬᠤᠪᠢᠶᠠᠯᠴᠠᠨ ᠡᠳ᠋ᠯᠡᠬᠦ ᠬᠤᠷᠠᠯ︾ ᠤᠨ ᠭᠤᠤᠯ ᠰᠡᠳᠦᠪᠲᠦ ᠠᠩᠭᠢ ᠶᠢᠨ ᠬᠢᠴᠢᠶᠡᠯ ᠥᠷᠨᠢᠭᠦᠯᠪᠡ᠃
     ᠬᠤᠶᠠᠷ ᠭᠠᠵᠠᠷ ᠤᠨ ᠰᠤᠷᠭᠠᠭᠤᠯᠢ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠬᠠᠷᠠᠭᠠᠨ ᠳᠠᠪᠲᠠᠮᠵᠢ ᠶᠢᠨ ᠬᠡᠯᠪᠡᠷᠢ ᠪᠠᠷ ︽ᠡᠭᠦᠯᠡᠨ ᠲᠠᠪᠴᠠᠩ︾ ᠳᠤ ᠴᠤᠭᠯᠠᠷᠠᠵᠤ᠂ ᠠᠵᠢᠯᠯᠠᠭ᠎ᠠ ᠨᠢ ᠬᠠᠩᠭᠢᠨᠠᠮ᠎ᠠ ᠲᠠᠭᠤᠤ ᠶᠢᠨ ᠳᠤᠮᠳᠠ ᠬᠥᠰᠢᠭᠡ ᠪᠠᠨ ᠰᠡᠬᠦᠪᠡ᠃
     ᠬᠥᠬᠡᠬᠤᠲᠠ ᠶᠢᠨ ᠠᠷᠪᠠᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠭᠡᠰᠢᠭᠦᠳ ᠠᠮᠢᠳᠤᠯᠢᠭ ᠦᠭᠡ ᠬᠡᠯᠡ ᠪᠠᠷ ᠣᠯᠠᠨ ᠳᠤ ᠠᠮᠢ ᠠᠬᠤᠢ ᠶᠢᠨ ᠪᠣᠯᠪᠠᠰᠤᠨ ᠤ ᠦᠯᠢᠭᠡᠷ ᠢ ᠬᠤᠪᠢᠶᠠᠯᠴᠠᠵᠤ᠂ ᠬᠠᠮᠲᠤ ᠪᠠᠷ ᠤᠯᠠᠭᠠᠨᠰᠤᠬᠠᠢ ᠶᠢᠨ ᠨᠢᠭᠤᠴᠠ ᠶᠢ ᠬᠠᠶᠢᠵᠤ᠂ ︽ᠪᠣᠭᠤᠮᠲᠠ ᠶᠢᠨ ᠭᠠᠳᠠᠨᠠᠬᠢ ᠭᠡᠷᠡᠯᠲᠦ ᠰᠤᠪᠤᠳ︾ ᠤᠨ ᠭᠤᠶᠣ  ᠰᠠᠶᠢᠬᠠᠨ ᠬᠤᠪᠢᠰᠤᠯ ᠢ ᠦᠵᠡᠪᠡ᠃      ᠠᠵᠢᠯᠯᠠᠭ᠎ᠠ ᠨᠢ ᠬᠤᠶᠠᠷ ᠲᠠᠯ᠎ᠠ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠬᠢᠴᠢᠶᠡᠯ ᠤᠨ ᠰᠢᠷᠡᠭᠡᠨ ᠤ ᠪᠥᠵᠢᠭ ᠤᠨ ᠲᠣᠭᠯᠠᠯᠲᠠ ᠳᠤ ᠬᠠᠯᠠᠭᠤᠨ ᠥᠷᠨᠢᠯᠲᠡ ᠶᠢ ᠤᠭᠲᠤᠨ ᠠᠪᠴᠢᠷᠠᠵᠤ᠂ ᠵᠢᠶᠠᠩᠰᠦ ᠮᠤᠵᠢ ᠶᠢᠨ ᠬᠠᠶ ᠠᠨ ᠬᠤᠲᠠ ᠶᠢᠨ ᠪᠠᠭᠰᠢ ᠶᠢᠨ ᠬᠥᠭᠵᠢᠯᠲᠡ ᠶᠢᠨ ᠲᠥᠪ ᠤᠨ ᠬᠠᠷᠢᠶᠠᠲᠤ ᠪᠠᠭ᠎ᠠ ᠰᠤᠷᠭᠠᠭᠤᠯᠢ ᠶᠢᠨ ᠭᠤᠷᠪᠠᠳᠤᠭᠠᠷ 8 ᠳ᠋ᠤᠭᠠᠷ ᠳᠤᠮᠳᠠ ᠠᠩᠭᠢ ᠶᠢᠨ ᠭᠡᠰᠢᠭᠦᠳ ᠤᠨ ᠳᠡᠯᠭᠡᠨ ᠦᠵᠡᠭᠦᠯᠦᠭᠰᠡᠨ ︽ᠡᠳᠦᠷ ᠠᠴᠠ ᠡᠳᠦᠷ ᠥᠭᠡᠳᠡᠷᠬᠡᠭ ᠬᠢᠴᠢᠶᠡᠯ ᠤᠨ ᠰᠢᠷᠡᠭᠡᠨ ᠤ ᠪᠥᠵᠢᠭ︾ ᠤᠨ ᠲᠣᠭᠯᠠᠯᠲᠠ ᠪᠠ ᠢᠦᠢ ᠴᠢᠤᠸᠠᠨ ᠲᠣᠭᠤᠷᠢᠭ ᠤᠨ ᠨᠠᠨ ᠴᠠ ᠹᠠᠩ ᠪᠠᠭ᠎ᠠ ᠰᠤᠷᠭᠠᠭᠤᠯᠢ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠬᠢᠴᠢᠶᠡᠯ ᠤᠨ ᠰᠢᠷᠡᠭᠡᠨ ᠤ ᠪᠥᠵᠢᠭ ᠤᠨ ᠲᠣᠭᠯᠠᠯᠲᠠ ᠲᠠᠢ ᠬᠠᠮᠲᠤ ᠪᠠᠷ ᠡᠬᠢᠯᠡᠵᠦ᠂ ᠰᠢᠨ᠎ᠡ ᠴᠠᠭ ᠦᠶ᠎ᠡ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠴᠤᠭ ᠪᠠᠳᠠᠷᠠᠩᠭᠤᠶ ᠠᠮᠢᠵᠢᠷᠠᠯ ᠤᠨ ᠬᠦᠴᠦᠨ ᠢ ᠢᠯᠡᠷᠡᠭᠦᠯᠪᠡ᠃
     ᠬᠤᠶᠠᠷ ᠲᠠᠯ᠎ᠠ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠲᠤᠰ ᠤᠳᠠᠭᠠᠨ ᠤ ︽ᠴᠤᠭᠯᠠᠷᠠᠬᠤ︾ ᠠᠴᠠ ᠡᠮᠦᠨ᠎ᠡ ︽ᠠᠨᠠᠷ ᠤᠨ ᠦᠷ᠎ᠡ ᠭᠠᠷ ᠭᠠᠷ ᠢᠶᠠᠨ ᠬᠤᠯᠪᠤᠬᠤ︾ ᠱᠣᠰᠢᠭ᠎ᠠ ᠶᠢ ᠬᠢᠭᠰᠡᠨ ᠪᠥᠭᠡᠳ ᠲᠤᠬᠠᠢ ᠶᠢᠨ ᠲᠠᠯᠠᠪᠠᠢ ᠳᠤ ᠪᠢᠴᠢᠭ ᠤᠨ ᠱᠣᠰᠢᠭ᠎ᠠ ᠪᠣᠯᠤᠨ ᠲᠡᠳᠡᠨ ᠤ ᠰᠠᠶᠢᠨ ᠰᠠᠶᠢᠬᠠᠨ ᠵᠥᠩᠨᠡᠯ ᠢ ᠬᠤᠪᠢᠶᠠᠯᠴᠠᠪᠠ᠃      ᠬᠤᠶᠠᠷ ᠭᠠᠵᠠᠷ ᠤᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠬᠠᠮᠲᠤ ᠪᠠᠷ ︽ᠤᠯᠠᠭᠠᠨ ᠪᠦᠴᠡ ᠨᠠᠮᠢᠷᠠᠨ᠎ᠠ︾᠂ ︽ᠰᠠᠶᠢᠨ ᠪᠠᠭᠠᠴᠤᠳ ᠪᠣᠯᠬᠤ ᠪᠠᠷ ᠴᠢᠷᠮᠠᠶᠢᠵᠤ᠂ ᠡᠷᠲᠡ ᠴᠢᠳᠠᠪᠤᠷᠢᠲᠠᠨ ᠪᠣᠯᠬᠤ ᠪᠠᠷ ᠵᠣᠷᠢᠭ ᠰᠢᠭᠤᠳᠤᠨ᠎ᠠ ᠁︾ ᠭᠡᠬᠦ ᠳᠠᠭᠤᠤ ᠶᠢᠨ ᠠᠶᠠᠰ ᠳᠤᠮᠳᠠ ᠲᠣᠰ ᠤᠳᠠᠭᠠᠨ ᠤ ︽ᠡᠭᠦᠯᠡᠨ ᠲᠠᠪᠴᠠᠩ︾ ᠤᠨ ᠴᠤᠭᠯᠠᠭᠠᠨ ᠲᠡᠭᠦᠰ ᠠᠮᠵᠢᠯᠲᠠ ᠲᠠᠢ ᠲᠡᠭᠦᠰᠪᠡ᠃      ᠲᠣᠰ ᠤᠳᠠᠭᠠᠨ ᠤ ᠠᠵᠢᠯᠯᠠᠭ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠢᠦᠢ ᠴᠢᠤᠸᠠᠨ ᠲᠣᠭᠤᠷᠢᠭ ᠪᠠ ᠵᠢᠶᠠᠩᠰᠦ ᠮᠤᠵᠢ ᠶᠢᠨ ᠬᠠᠶ ᠠᠨ ᠬᠤᠲᠠ ᠶᠢᠨ ᠬᠢᠨ ︽ᠡᠭᠦᠯᠡᠨ ᠲᠠᠪᠴᠠᠩ︾ ᠲᠠᠢ ᠬᠤᠯᠪᠣᠬᠤ ᠬᠡᠯᠪᠡᠷᠢ ᠪᠠᠷ ᠵᠠᠯᠠᠭᠤᠴᠤᠳ ᠪᠠᠭᠠᠴᠤᠳ ᠤᠨ ᠰᠣᠯᠢᠯᠴᠠᠭ᠎ᠠ ᠶᠢ ᠰᠢᠨ᠎ᠡ ᠶᠢ ᠡᠭᠦᠳᠦᠨ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢ ᠣᠶᠤᠨ ᠲᠠᠷᠢᠬᠢᠨ ᠳᠤᠨᠢ ᠬᠠᠳᠠᠩᠰᠢᠭᠤᠯᠵᠤ᠂ ᠬᠦᠰᠡᠯᠡᠩ᠂ ᠢᠲᠡᠭᠡᠯ ᠪᠢᠰᠢᠷᠡᠯ᠂ ᠬᠠᠶᠢᠷ᠎ᠠ ᠰᠡᠳᠬᠢᠯᠭᠡ᠂ ᠰᠣᠶᠣᠯ ᠤᠨ ᠲᠠᠯ᠎ᠠ ᠪᠠᠷ ᠪᠦᠯᠬᠦᠮᠳᠡᠨ ᠨᠢᠭᠡᠳᠴᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠠᠬ᠎ᠠ ᠳᠡᠭᠦᠤ ᠶᠢᠨ ᠬᠠᠶᠢᠷ᠎ᠠ ᠰᠡᠳᠭᠢᠯᠭᠡ ᠲᠠᠢ ᠪᠤᠯᠭᠠᠵᠠᠢ᠃ ᠥᠷᠭᠡᠨ ᠤᠯᠠᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠦᠨᠳᠦᠰᠦᠲᠡᠨ ᠤ ᠣᠮᠣᠭᠰᠢᠯᠲᠤ ᠰᠡᠳᠬᠢᠯᠭᠡ ᠶᠢ ᠦᠨᠡᠨ ᠬᠦ ᠨᠡᠮᠡᠭᠳᠡᠭᠦᠯᠦᠭᠰᠡᠨ ᠪᠥᠭᠡᠳ ᠬᠤᠶᠠᠷ ᠭᠠᠵᠠᠷ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠰᠢᠨ᠎ᠡ ᠬᠠᠭᠤᠳᠠᠰᠤ ᠶᠢ ᠪᠢᠴᠢᠭᠯᠡᠭᠰᠡᠨ ᠪᠠᠶᠢᠨ᠎ᠠ᠃            ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号