ᠯᠢᠶᠠᠩ ᠱᠠᠨ ᠵᠡᠭᠡᠯᠢ ᠶᠢᠨ ᠪᠠᠭ᠎ᠠ ᠰᠤᠷᠭᠠᠭᠤᠯᠢ ᠶᠢᠨ ᠪᠠᠶᠢᠷᠢ ᠶᠢᠨ ᠠᠰᠠᠷ ᠤᠨ ᠲᠥᠷᠥᠯ ᠵᠦᠢᠯ ᠤᠨ ᠥᠯᠥ ᠬᠥᠳᠡᠯᠬᠦ ᠬᠥᠷᠥᠩᠭᠡ ᠶᠢ ᠰᠢᠯᠵᠢᠭᠦᠯᠬᠦ ᠳᠠᠩᠰᠠᠯᠠᠯᠲᠠ ᠶᠢ ᠬᠠᠮᠵᠢᠯᠴᠠᠨ ᠭᠦᠢᠴᠡᠳᠭᠡᠬᠦ ᠲᠤᠬᠠᠶ ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷ
ᠨᠡᠶᠢᠲᠡᠯᠡᠭᠰᠡᠨ ᠴᠠᠭ᠄
2024/5/22
ᠬᠥᠬᠡᠬᠤᠲᠠ ᠶᠢᠨ ᠢᠦᠢ ᠴᠢᠤᠸᠠᠨ ᠲᠣᠭᠤᠷᠢᠭ ᠤᠨ ᠯᠢᠶᠠᠩ ᠱᠠᠨ ᠵᠡᠭᠡᠯᠢ ᠶᠢᠨ ᠪᠠᠭ᠎ᠠ ᠰᠤᠷᠭᠠᠭᠤᠯᠢ ᠳᠤ᠄      ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠯ ᠲᠥᠷᠥᠯ ᠵᠦᠢᠯ ᠤᠨ ᠥᠯᠥ ᠬᠥᠳᠡᠯᠬᠦ ᠬᠥᠷᠥᠩᠭᠡ ᠶᠢ ᠡᠷᠦᠬᠡ ᠬᠤᠪᠢᠶᠠᠬᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠣᠲᠣ ᠪᠣᠯᠲᠠᠯ᠎ᠠ᠂ ᠲᠠᠨ ᠤ ᠰᠤᠷᠭᠠᠭᠤᠯᠢ ᠶᠢᠨ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠤᠭᠰᠠᠨ ᠯᠢᠶᠠᠩ ᠱᠠᠨ ᠵᠡᠭᠡᠯᠢ ᠶᠢᠨ ᠪᠠᠭ᠎ᠠ ᠰᠤᠷᠭᠠᠭᠤᠯᠢ ᠶᠢᠨ ᠪᠠᠶᠢᠷᠢ ᠶᠢᠨ ᠠᠰᠠᠷ ᠤᠨ ᠲᠥᠷᠥᠯ ᠵᠦᠢᠯ ᠤᠨ ᠥᠯᠥ ᠬᠥᠳᠡᠯᠬᠦ ᠬᠥᠷᠥᠩᠭᠡ ᠶᠢ ᠰᠢᠯᠵᠢᠭᠦᠯᠬᠦ ᠳᠡᠩᠰᠡᠯᠡᠯᠲᠡ ᠶᠢ ᠭᠦᠢᠴᠡᠳᠭᠡᠬᠦ ᠠᠵᠢᠯ ᠬᠦᠨᠳᠦ ᠨᠣᠴᠢᠲᠠᠶ ᠬᠤᠴᠣᠷᠴᠤ᠂ ᠰᠠᠭᠤᠭᠠᠯᠢ ᠠᠷᠠᠳ ᠣᠯᠠᠨ ᠤᠳᠠᠭ᠎ᠠ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠬᠦᠷᠴᠦ ᠰᠤᠷᠪᠤᠯᠵᠢᠯᠠᠨ᠂ ᠵᠠᠬᠢᠳᠠᠯ ᠰᠤᠷᠪᠤᠯᠵᠢᠯᠠᠯ ᠤᠨ ᠵᠥᠷᠢᠴᠡᠯ ᠲᠣᠪᠤᠶᠢᠮ᠎ᠠ ᠪᠠᠶᠢᠨ᠎ᠠ᠃      ︽ᠲᠣᠭᠲᠠᠭᠠᠭᠰᠠᠨ ᠭᠤᠣᠯ ᠴᠣᠭᠴᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ  ᠦᠯᠡᠳᠡᠭᠳᠡᠯ ᠠᠰᠠᠭᠤᠳᠠᠯ ᠢ ᠬᠢᠨᠠᠨ ᠬᠠᠷᠭᠤᠭᠤᠯᠬᠤ ᠲᠤᠬᠠᠢ ᠬᠥᠬᠡᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠮᠡᠳᠡᠭᠳᠡᠯ︾ ︵ᠬᠥᠬᠡᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠦᠰᠦᠭ ﹇2023﹈ 729 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠵᠢᠴᠢ ︽︿ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠪᠣᠳᠠᠲᠠᠢ ᠠᠷᠭ᠎ᠠ ᠬᠡᠮᠵᠢᠶ᠎ᠡ﹀ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠬᠥᠬᠡᠬᠤᠲᠠ ᠵᠠᠰᠠᠭ ᠠᠯᠪᠠᠨ ᠦᠰᠦᠭ ﹇2023﹈ 26 ᠳ᠋ᠤᠭᠠᠷ ᠲᠣᠭᠠᠲᠤ︶ ᠤᠨ ᠬᠤᠶᠠᠳᠤᠭᠠᠷ ᠵᠤᠷᠪᠤᠰ ᠤᠨ ᠲᠣᠭᠲᠠᠭᠠᠯ ᠶᠣᠰᠣᠭᠠᠷ᠄ ︽ᠥᠯᠥ ᠬᠥᠳᠡᠯᠬᠦ ᠬᠥᠷᠥᠩᠭᠡ ᠶᠢᠨ ᠠᠩᠬ᠎ᠠ ᠤᠳᠠᠭᠠᠨ ᠤ ᠳᠠᠩᠰᠠᠯᠠᠯ ᠢ ᠨᠢᠭᠡᠨᠲᠡ ᠣᠯᠣᠭᠰᠠᠨ ᠣᠷᠣᠨ ᠰᠠᠭᠤᠴᠠ ᠶᠢᠨ ᠲᠥᠷᠥᠯ ᠵᠦᠢᠯ ᠢ ᠬᠥᠬᠡᠬᠤᠲᠠ ᠶᠢᠨ ᠨᠠᠮ ᠵᠠᠰᠠᠭ ᠠᠯᠪᠠᠨ ᠲᠠᠷᠬᠠᠭᠠᠭᠰᠠᠨ ﹇2019﹈ 53 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠤ ᠳᠠᠷᠠᠭ᠎ᠠ ᠪᠥᠬᠦ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠵᠦ ᠪᠠᠶᠢᠭ᠎ᠠ ᠠᠰᠠᠭᠤᠳᠠᠯ ᠤᠨ ᠡᠬᠡ ᠳᠠᠩᠰᠠᠨ ᠳᠤ ᠣᠷᠣᠭᠤᠯᠤᠭᠰᠠᠨ ᠦᠭᠡᠢ᠂ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠪᠤᠶᠤ ᠪᠦᠲᠦᠭᠡᠨ ᠪᠠᠶᠢᠭᠤᠯᠤᠭᠰᠠᠨ ᠨᠢᠭᠡᠴᠢ ᠤᠰᠠᠳᠤᠭᠰᠠᠨ᠂ ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ ᠢ ᠬᠤᠷᠢᠶᠠᠨ ᠠᠪᠤᠭᠠᠳ ᠬᠦᠴᠦᠨ ᠦᠭᠡᠢ ᠪᠣᠯᠭᠠᠭᠰᠠᠨ ᠦᠭᠡᠢ᠂ ᠪᠠᠶᠢᠭᠤᠯᠭ᠎ᠠ ᠨᠢᠭᠡᠴᠢ ᠶᠢᠨ ᠥᠪᠡᠷ ᠢᠶᠠᠨ ᠪᠠᠷᠢᠭᠰᠠᠨ ᠭᠡᠷ ᠪᠠᠶᠢᠰᠢᠩ ᠵᠢᠴᠢ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠳᠤ ᠣᠷᠣᠭᠰᠠᠨ ᠪᠣᠯᠪᠠᠴᠤ ᠪᠠᠷᠢᠮᠲᠠ ᠬᠢᠵᠦ ᠥᠭᠭᠦᠭᠰᠡᠨ ᠦᠭᠡᠢ ᠵᠡᠷᠭᠡ ᠰᠢᠯᠲᠠᠭᠠᠨ ᠠᠴᠠ ᠪᠣᠯᠵᠤ᠂ ᠥᠮᠴᠢᠲᠡᠨ ᠲᠠᠢ ᠬᠠᠮᠵᠢᠯᠴᠠᠨ ᠥᠯᠥ ᠬᠥᠳᠡᠯᠬᠦ ᠬᠥᠷᠥᠩᠭᠡ ᠶᠢᠨ ᠰᠢᠯᠵᠢᠭᠦᠯᠬᠦ ᠳᠠᠩᠰᠠᠯᠠᠯᠲᠠ ᠶᠢ ᠭᠦᠢᠴᠡᠳᠬᠡᠬᠦ ᠶᠢᠨ ᠠᠷᠭ᠎ᠠ ᠦᠭᠡᠢ ᠪᠣᠯᠣᠭᠰᠠᠨ ᠪᠣᠯ᠂ ᠪᠦᠲᠦᠭᠡᠨ ᠪᠠᠶᠢᠭᠤᠯᠬᠤ ᠨᠢᠭᠡᠴᠢ ᠪᠤᠶᠤ ᠬᠠᠷᠢᠶ᠎ᠠ ᠣᠷᠣᠨ ᠤ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠳᠠᠭᠠᠭᠠᠨ ᠠᠪᠤᠭᠰᠠᠨ ᠨᠢᠭᠡᠴᠢ ᠠᠴᠠ ᠬᠠᠷᠢᠶ᠎ᠠ ᠣᠷᠣᠨ ᠤ ᠵᠠᠰᠠᠭ ᠤᠨ ᠣᠷᠳᠣᠨ ᠳᠤ ᠭᠤᠶᠤᠴᠢᠯᠠᠯ ᠭᠠᠷᠭᠠᠵᠤ᠂ ᠬᠠᠷᠢᠶ᠎ᠠ ᠣᠷᠣᠨ ᠤ ᠵᠠᠰᠠᠭ ᠤᠨ ᠣᠷᠳᠣᠨ ᠨᠢ ᠥᠯᠥ ᠬᠥᠳᠡᠯᠬᠦ ᠬᠥᠷᠥᠩᠭᠡ ᠶᠢᠨ ᠳᠠᠩᠰᠠᠯᠠᠬᠤ ᠪᠠᠶᠢᠭᠤᠯᠤᠮᠵᠢ ᠳᠤ ᠬᠢᠨᠠᠨ ᠬᠠᠷᠭᠤᠭᠤᠯᠤᠭᠰᠠᠨ ᠰᠠᠨᠠᠯ ᠢᠶᠠᠨ ᠳᠤᠷᠠᠳᠤᠭᠰᠠᠨ ᠤ ᠳᠠᠷᠠᠭ᠎ᠠ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠬᠤ ᠪᠠᠶᠢᠭᠤᠯᠤᠮᠵᠢ ᠨᠢ ᠦᠯᠡᠳᠡᠭᠳᠡᠯ ᠠᠰᠠᠭᠤᠳᠠᠯ ᠢ ᠦᠨᠳᠦᠰᠦᠯᠡᠨ ᠡᠷᠦᠬᠡ ᠬᠤᠪᠢᠶᠠᠬᠤ ᠲᠥᠷᠥ ᠶᠢᠨ ᠪᠣᠳᠣᠯᠭ᠎ᠠ ᠶᠣᠰᠣᠭᠠᠷ ᠰᠢᠯᠵᠢᠭᠦᠯᠬᠦ ᠳᠠᠩᠰᠠᠯᠠᠯᠲᠠ︾ ᠬᠢᠪᠡ᠃      ᠮᠠᠨ ᠤ ᠲᠤᠭᠤᠷᠢᠭ ᠶᠡᠭᠡ ᠡᠮᠦᠨ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠲᠠᠨ ᠤ ᠰᠤᠷᠭᠠᠭᠤᠯᠢ ᠶᠢ ᠣᠷᠣᠯᠠᠨ ᠪᠠᠶᠢᠭᠤᠯᠬᠤ ᠪᠠᠷ ᠭᠤᠶᠤᠴᠢᠯᠠᠬᠤ ᠭᠤᠣᠯ ᠴᠣᠭᠴᠠ ᠪᠣᠯᠭᠠᠨ ᠯᠢᠶᠠᠩ ᠱᠠᠨ ᠵᠡᠭᠡᠯᠢ ᠶᠢᠨ ᠪᠠᠭ᠎ᠠ ᠰᠤᠷᠭᠠᠭᠤᠯᠢ ᠶᠢᠨ ᠪᠠᠶᠢᠷᠢ ᠶᠢᠨ ᠠᠰᠠᠷ ᠤᠨ ᠲᠥᠷᠥᠯ ᠵᠦᠢᠯ ᠤᠨ ᠦᠯᠦ ᠬᠥᠳᠡᠯᠬᠦ ᠬᠥᠷᠥᠩᠭᠡ ᠶᠢ ᠰᠢᠯᠵᠢᠭᠦᠯᠬᠦ ᠳᠠᠩᠰᠠᠯᠠᠬᠤ ᠶᠢ ᠭᠦᠢᠴᠡᠳᠬᠡᠬᠦ ᠪᠠᠷ ᠲᠣᠭᠲᠠᠪᠠ᠃      ᠣᠨᠴᠠᠭᠠᠶᠢᠯᠠᠨ ᠵᠠᠷᠯᠠᠪᠠ                      2024 ᠣᠨ ᠤ 5 ᠳ᠋ᠤᠭᠠᠷ ᠰᠠᠷ᠎ᠠ ᠶᠢᠨ 21 ᠤ ᠡᠳᠦᠷ           ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号