ᠢᠦᠢ ᠴᠢᠤᠸᠠᠨ ᠲᠣᠭᠤᠷᠢᠭ ᠪᠥᠬᠦ ᠣᠷᠣᠨ ᠪᠦᠰᠡ ᠶᠢᠨ ᠦᠵᠡᠮᠵᠢ ᠶᠢᠨ ᠣᠷᠣᠨ ᠤ ᠲᠠᠶᠢᠯᠪᠤᠷᠢᠯᠠᠭᠴᠢ ᠶᠢᠨ ᠠᠵᠢᠯ ᠮᠡᠷᠭᠡᠵᠢᠯ ᠤᠨ ᠵᠠᠰᠠᠯ ᠴᠢᠮᠡᠭᠯᠡᠯ ᠤᠨ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/5/27
     ᠣᠶᠢᠷ᠎ᠠ ᠳᠤ᠂ ᠲᠠᠶᠢᠯᠪᠤᠷᠢᠯᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠠᠶᠢᠯᠪᠤᠷᠢᠯᠠᠨ ᠦᠢᠯᠡᠴᠢᠯᠡᠬᠦ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠲᠣᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠬᠢᠭᠡᠳ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠬᠠᠮᠲᠤᠷᠠᠨ ︽ᠰᠢᠨ᠎ᠡ ᠴᠠᠭ ᠦᠶ᠎ᠡ ᠳᠤ ᠬᠦᠨᠳᠦᠳᠬᠡᠯ ᠳᠡᠪᠰᠢᠭᠦᠯᠵᠦ ᠰᠢᠨ᠎ᠡ ᠥᠯᠢᠭᠡᠷ ᠢ ᠰᠠᠶᠢᠬᠠᠨ ᠶᠠᠷᠢᠬᠤ — ᠢᠦᠢ ᠴᠢᠤᠸᠠᠨ ᠲᠣᠭᠤᠷᠢᠭ ᠤᠨ ᠪᠥᠬᠦ ᠣᠷᠣᠨ ᠪᠦᠰᠡ ᠶᠢᠨ ᠦᠵᠡᠮᠵᠢ ᠶᠢᠨ ᠣᠷᠣᠨ ᠤ ᠲᠠᠶᠢᠯᠪᠤᠷᠢᠯᠠᠭᠴᠢ ᠶᠢᠨ ᠶᠣᠰᠣᠯᠠᠯ ᠤᠨ ᠪᠣᠯᠪᠠᠰᠤᠷᠠᠯ︾ ᠢ ᠡᠷᠭᠢᠯᠡᠪᠡ᠃ IPA ᠣᠯᠠᠨ ᠤᠯᠤᠰ ᠤᠨ ᠳᠠᠩᠰᠠᠯᠠᠭᠤᠯᠤᠭᠰᠠᠨ ᠭᠡᠷᠡᠴᠢᠯᠡᠭᠡ ᠶᠢᠨ ᠬᠠᠮᠢᠶᠠᠷᠤᠯᠲᠠ ᠶᠢᠨ ᠲᠥᠪ ᠤᠨ ᠳᠡᠭᠡᠳᠦ ᠵᠡᠷᠭᠡ ᠶᠢᠨ ᠶᠣᠰᠣᠯᠠᠯ ᠤᠨ ᠪᠣᠯᠪᠠᠰᠤᠷᠠᠭᠤᠯᠤᠭᠴᠢ᠂ ᠳᠡᠭᠡᠳᠦ ᠵᠡᠷᠭᠡ ᠶᠢᠨ ᠦᠢᠯᠡ ᠠᠵᠢᠯᠯᠠᠭ᠎ᠠ ᠪᠡᠶ᠎ᠡ ᠪᠠᠶᠢᠳᠠᠯ ᠤᠨ ᠰᠤᠷᠭᠠᠭᠴᠢ ᠯᠢᠦ ᠢ ᠵᠢᠶᠧ ᠶᠢ ᠣᠨᠴᠠ ᠤᠷᠢᠵᠤ᠂ ᠲᠠᠶᠢᠯᠪᠤᠷᠢᠯᠠᠭᠴᠢ ᠶᠢᠨ ᠠᠵᠢᠯ ᠮᠡᠷᠭᠡᠵᠢᠯ ᠤᠨ ᠵᠠᠰᠠᠯ ᠴᠢᠮᠡᠭᠯᠡᠯ ᠤᠨ ᠪᠣᠯᠪᠠᠰᠤᠷᠠᠯ ᠬᠢᠯᠭᠡᠪᠡ᠃
     ᠬᠢᠴᠢᠶᠡᠯ ᠳᠡᠭᠡᠷ᠎ᠡ᠂ ᠯᠢᠦ ᠪᠠᠭᠰᠢ ᠲᠠᠶᠢᠯᠪᠤᠷᠢᠯᠠᠭᠴᠢ ᠶᠢᠨ ᠬᠢᠷᠢ ᠬᠡᠮ ᠳᠤ ᠨᠡᠶᠢᠴᠡᠭᠰᠡᠨ ᠠᠵᠢᠯ ᠤᠨ ᠬᠤᠪᠴᠠᠰᠤ᠂ ᠵᠠᠰᠠᠵᠤ ᠴᠢᠮᠡᠬᠦ ᠱᠠᠭᠠᠷᠳᠠᠯᠭ᠎ᠠ ᠵᠡᠷᠭᠡ ᠶᠢ ᠲᠠᠨᠢᠯᠴᠠᠭᠤᠯᠪᠠ᠃ ᠲᠠᠶᠢᠯᠪᠤᠷᠢᠯᠠᠭᠴᠢ ᠶᠢᠨ ᠢᠳᠡᠪᠬᠢᠲᠡᠢ ᠠᠰᠠᠭᠤᠯᠲᠠ ᠶᠢᠨ ᠡᠮᠦᠨ᠎ᠡ᠂ ᠪᠠᠭᠰᠢ ᠨᠢᠭᠡᠳ ᠨᠢᠭᠡ ᠪᠠᠷ ᠬᠦᠯᠢᠴᠡᠩᠭᠦᠢ ᠪᠠᠷ ᠬᠠᠷᠢᠭᠤᠯᠪᠠ᠃ ᠦᠢᠯᠡᠳᠦᠯᠭᠡ ᠶᠢᠨ ᠠᠵᠢᠯᠯᠠᠭᠠᠨ ᠤ ᠭᠤᠭᠴᠤᠭ᠎ᠠ ᠳᠤ᠂ ᠪᠠᠭᠰᠢ ᠲᠤᠬᠠᠶ ᠶᠢᠨ ᠲᠠᠯᠠᠪᠤᠷ ᠲᠤ ᠠᠵᠢᠯ ᠮᠡᠷᠭᠡᠵᠢᠯ ᠤᠨ ᠵᠠᠰᠠᠯ ᠴᠢᠮᠡᠭᠯᠡᠯ ᠤᠨ ᠠᠷᠭ᠎ᠠ ᠵᠢᠴᠢ ᠭᠡᠵᠢᠭᠡ ᠤᠷᠢᠶᠠᠬᠤ ᠤᠷ᠎ᠠ ᠮᠡᠷᠭᠡᠵᠢᠯ ᠢ ᠵᠢᠱᠢᠶ᠎ᠡ ᠦᠵᠡᠭᠦᠯᠵᠦ᠂ ᠰᠢᠷᠢᠰ ᠪᠣᠯᠪᠠᠰᠤᠷᠠᠯ ᠢᠶᠠᠷ ᠳᠠᠮᠵᠢᠭᠤᠯᠤᠨ ᠲᠠᠶᠢᠯᠪᠤᠷᠢᠯᠠᠭᠴᠢ ᠶᠢᠨ ᠠᠵᠢᠯ ᠮᠡᠷᠭᠡᠵᠢᠯ ᠤᠨ ᠵᠠᠰᠠᠯ ᠴᠢᠮᠡᠭᠯᠡᠯ ᠤᠨ ᠤᠷ᠎ᠠ ᠴᠢᠳᠠᠪᠤᠷᠢ ᠶᠢ ᠦᠨᠡᠨ ᠬᠦ ᠪᠦᠲᠦᠮᠵᠢᠲᠡᠶ ᠳᠡᠭᠡᠭᠰᠢᠯᠡᠭᠦᠯᠪᠡ᠃
     ᠰᠠᠶᠢᠨ ᠰᠠᠶᠢᠬᠠᠨ ᠳᠦ᠋ᠷᠢ ᠲᠥᠷᠬᠦ ᠪᠤᠯ ᠲᠠᠶᠢᠯᠪᠤᠷᠢᠯᠠᠭᠴᠢ ᠶᠢᠨ ᠶᠡᠷᠦᠩᠬᠡᠶᠢᠯᠡᠭᠰᠡᠨ ᠬᠡᠪ ᠴᠢᠨᠠᠷ ᠤᠨ ᠢᠯᠡᠷᠡᠯ ᠤᠨ ᠨᠢᠭᠡ ᠪᠤᠯᠤᠨ᠎ᠠ᠃ ᠪᠤᠯᠪᠠᠰᠤᠷᠠᠯ ᠢᠶᠠᠷ ᠳᠡᠮᠵᠢᠨ᠂ ᠲᠠᠶᠢᠯᠪᠤᠷᠢᠯᠠᠭᠴᠢ ᠥᠪᠡᠷ ᠤᠨ ᠠᠵᠢᠯ ᠮᠡᠷᠭᠡᠵᠢᠯ ᠤᠨ ᠳᠦᠷᠢ ᠲᠥᠷᠬᠦ ᠪᠠᠨ ᠨᠠᠩ ᠢᠲᠡᠭᠡᠯ ᠲᠠᠢ ᠢᠯᠡᠷᠡᠭᠦᠯᠵᠦ᠂ ᠲᠠᠶᠢᠯᠪᠤᠷᠢᠯᠠᠬᠤ ᠠᠵᠢᠯ ᠤᠨ ᠢᠯᠡᠷᠡᠯ ᠳᠤ ᠰᠢᠨ᠎ᠡ ᠬᠢᠯᠠᠰ ᠴᠡᠭ ᠨᠡᠮᠡᠷᠢᠯᠡᠵᠦ᠂ ᠪᠦᠬᠦᠯᠢ ᠴᠣᠭᠴᠠ ᠶᠢᠨ ᠪᠦᠯᠬᠦᠮ ᠤᠨ ᠳᠦᠷᠢ ᠲᠥᠷᠬᠦ ᠪᠠ ᠨᠥᠯᠥᠭᠡᠯᠡᠬᠦ ᠬᠦᠴᠦᠨ ᠢᠶᠠᠨ ᠳᠡᠭᠡᠭᠰᠢᠯᠡᠭᠦᠯᠪᠡ᠃
     ᠲᠠᠶᠢᠯᠪᠤᠷᠢᠯᠠᠭᠴᠢ ᠭᠦᠸᠧ ᠲᠢᠩ᠄ ︽ᠭᠤᠶᠤ ᠰᠠᠶᠢᠬᠠᠨ ᠵᠢᠰᠦ ᠴᠢᠷᠠᠢ ᠨᠢ ᠢᠲᠡᠭᠡᠯ ᠢᠶᠠᠨ ᠨᠡᠮᠡᠭᠳᠡᠭᠦᠯᠵᠦ ᠴᠢᠳᠠᠬᠤ ᠪᠠᠷ ᠪᠠᠷᠠᠬᠤ ᠦᠭᠡᠢ ᠪᠠᠰᠠ ᠥᠪᠡᠷ ᠤᠨ ᠪᠡᠶ᠎ᠡ ᠪᠠᠨ ᠬᠦᠨᠳᠦᠳᠭᠡᠬᠦ᠂ ᠪᠤᠰᠤᠳ ᠢ ᠬᠦᠨᠳᠦᠳᠭᠡᠬᠦ ᠶᠣᠰᠣᠯᠠᠯ ᠤᠨ ᠢᠯᠡᠷᠡᠬᠦ ᠬᠡᠯᠪᠡᠷᠢ ᠪᠣᠯᠤᠨ᠎ᠠ᠃ ᠬᠢᠷᠢ ᠲᠡᠩᠴᠡᠭᠰᠡᠨ ᠲᠠᠶᠢᠯᠪᠤᠷᠢᠯᠠᠭᠴᠢ ᠪᠣᠯᠣᠭᠰᠠᠨ ᠤ ᠬᠤᠪᠢ ᠳᠤ᠂ ᠥᠪᠡᠷ ᠤᠨ ᠳᠣᠲᠣᠭᠠᠳᠤ ᠪᠣᠯᠪᠠᠰᠤᠷᠠᠯ ᠢᠶᠠᠨ ᠴᠢᠬᠤᠯᠠᠴᠢᠯᠠᠬᠤ ᠬᠡᠷᠡᠭᠲᠡᠶ ᠮᠥᠷᠲᠡᠭᠡᠨ ᠪᠠᠰᠠ ᠪᠤᠰᠤᠳ ᠲᠤ ᠦᠭᠬᠦ ᠠᠩᠬᠠᠨ ᠤ ᠰᠠᠭᠤᠭᠳᠠᠯ ᠢ ᠴᠢᠬᠤᠯᠠᠴᠢᠯᠠᠬᠤ ᠬᠡᠷᠡᠭᠲᠡᠶ᠃ ᠳᠥᠭᠦᠮ ᠠᠪᠰᠠᠷᠬᠠᠨ᠂ ᠴᠡᠪᠡᠷ ᠰᠠᠶᠢᠬᠠᠨ᠂ ᠢᠯᠡ ᠲᠣᠳᠣ ᠪᠡᠶᠡᠲᠦ ᠰᠡᠷᠡᠯ ᠢᠶᠠᠷ ᠭᠤᠶᠤᠯᠠᠬᠤ ᠨᠢ᠂ ᠥᠪᠡᠷ ᠤᠨ ᠬᠠᠮᠤᠭ ᠤᠨ ᠰᠠᠶᠢᠨ ᠴᠤᠭ ᠰᠦᠯᠳᠡ ᠪᠠᠨ ᠢᠯᠡᠷᠡᠭᠦᠯᠵᠦ᠂ ᠲᠠᠶᠢᠯᠪᠤᠷᠢᠯᠠᠬᠤ ᠶᠠᠪᠤᠴᠠ ᠳᠤ ᠰᠣᠨᠣᠰᠤᠭᠴᠢᠳ ᠲᠤ ᠬᠠᠮᠤᠭ ᠤᠨ ᠰᠢᠯᠢᠳᠡᠭ ᠦᠢᠯᠡᠴᠢᠯᠡᠭᠡ ᠬᠠᠩᠭᠠᠬᠤ ᠳᠤ ᠠᠰᠢᠭᠲᠠᠶ ᠶᠤᠮ︾ ᠭᠡᠵᠡᠢ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号