ᠬᠠᠮᠲᠤᠷᠠᠨ ᠠᠵᠢᠯᠯᠠᠵᠤ ᠬᠠᠮᠲᠤ ᠪᠠᠷ ᠪᠠᠶᠢᠭᠤᠯᠬᠤ ᠬᠦᠷᠢᠶ᠎ᠡ ᠬᠡᠪᠴᠢᠶ᠎ᠡ ᠪᠠᠨ ᠤᠯᠠᠮ ᠨᠢᠭᠡ ᠠᠯᠬᠤᠮ | ᠥᠷᠭᠡᠳᠬᠡᠵᠦ᠂ ᠰᠤᠷᠭᠠᠭᠤᠯᠢ ᠪᠠ ᠣᠷᠣᠨ ᠨᠤᠲᠤᠭ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠴᠢᠩᠭᠠᠳᠬᠠᠨ᠂ | ᠢᠦᠢ ᠴᠢᠤᠸᠠᠨ ᠲᠣᠭᠤᠷᠢᠭ ᠤᠨ ᠭᠦᠨ ᠵᠤᠵᠠᠭᠠᠨ ᠲᠡᠦᠬᠡ ᠰᠣᠶᠣᠯ ᠢ ᠭᠦᠨᠵᠡᠭᠡᠶ ᠠᠭᠤᠳᠠᠯᠵᠤ᠂ ᠵᠤᠤ ᠵᠢᠶᠦ᠋ᠨ ᠤ | ᠰᠣᠶᠣᠯ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ᠂ ᠰᠢᠨ᠎ᠡ ᠴᠠᠭ ᠦᠶ᠎ᠡ ᠶᠢᠨ ᠵᠤᠤ | ᠵᠢᠶᠦ᠋ᠨ ᠤ ᠦᠯᠢᠭᠡᠷ ᠢ ᠰᠠᠶᠢᠲᠤᠷ ᠶᠠᠷᠢᠬᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠢ ᠠᠬᠢᠭᠤᠯᠬᠤ ᠵᠡᠷᠭᠡ ᠲᠠᠯ᠎ᠠ ᠪᠠᠷ ᠰᠢᠨ᠎ᠡ ᠬᠤᠪᠢ ᠨᠡᠮᠡᠷᠢ ᠦᠵᠡᠭᠦᠯᠬᠦ ᠶᠢᠨ ᠲᠥᠯᠥᠭᠡ᠂ 5 ᠳ᠋ᠤᠭᠠᠷ | ᠰᠠᠷ᠎ᠠ ᠶᠢᠨ 24 ᠤ ᠡᠳᠦᠷ᠂ ᠢᠦᠢ ᠴᠢᠤᠸᠠᠨ ᠲᠣᠭᠤᠷᠢᠭ ᠬᠢᠭᠡᠳ ᠳᠤᠮᠳᠠᠳᠤ ᠡᠮᠦᠨᠡᠲᠦ ᠶᠢᠨ ᠦᠨᠳᠦᠰᠦᠲᠡᠨ ᠤ ᠶᠡᠭᠡ | ᠰᠤᠷᠭᠠᠭᠤᠯᠢ ᠶᠢᠨ ᠦᠨᠳᠦᠰᠦᠲᠡᠨ ᠤ ᠤᠬᠠᠭᠠᠨ ᠪᠣᠯᠤᠨ ᠨᠡᠶᠢᠭᠡᠮ ᠤᠨ ᠤᠬᠠᠭᠠᠨ ᠤ ᠳᠡᠭᠡᠳᠦ ᠰᠤᠷᠭᠠᠭᠤᠯᠢ ᠶᠢᠨ | ᠣᠷᠣᠨ ᠨᠤᠲᠤᠭ ᠤᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠢᠦᠢ ᠴᠢᠤᠸᠠᠨ ᠲᠣᠭᠤᠷᠢᠭ ᠤᠨ ᠵᠠᠰᠠᠭ ᠤᠨ | ᠣᠷᠳᠣᠨ ᠤ ᠬᠤᠷᠠᠯ ᠤᠨ ᠲᠥᠪ ᠤᠨ 3 ᠳ᠋ᠤᠭᠠᠷ ᠳᠠᠪᠬᠤᠷᠯᠢᠭ ᠤᠨ 2 ᠳ᠋ᠤᠭᠠᠷ ᠬᠤᠷᠠᠯ ᠤᠨ ᠭᠡᠷ ᠲᠤ ᠶᠠᠪᠤᠭᠳᠠᠪᠠ᠃ | | | | | ᠭᠡᠷ᠎ᠡ ᠲᠣᠭᠲᠠᠬᠤ ᠶᠣᠰᠣᠯᠠᠯ ᠤᠨ ᠲᠤᠬᠠᠢ ᠶᠢᠨ ᠲᠠᠯᠠᠪᠠᠢ ᠳᠤ᠂ ᠢᠦᠢ ᠴᠢᠤᠸᠠᠨ ᠲᠣᠭᠤᠷᠢᠭ ᠬᠢᠭᠡᠳ | ᠳᠤᠮᠳᠠᠳᠤ ᠡᠮᠦᠨᠡᠲᠦ ᠶᠢᠨ ᠦᠨᠳᠦᠰᠦᠲᠡᠨ ᠤ ᠶᠡᠭᠡ ᠰᠤᠷᠭᠠᠭᠤᠯᠢ ᠶᠢᠨ ᠦᠨᠳᠦᠰᠦᠲᠡᠨ ᠤ ᠤᠬᠠᠭᠠᠨ ᠪᠣᠯᠤᠨ | ᠨᠡᠶᠢᠭᠡᠮ ᠤᠨ ᠤᠬᠠᠭᠠᠨ ᠤ ᠳᠡᠭᠡᠳᠦ ᠰᠤᠷᠭᠠᠭᠤᠯᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠲᠤᠬᠠᠢ ᠰᠤᠳᠤᠯᠭᠠᠨ ᠪᠣᠯᠤᠨ ᠦᠢᠯᠡᠳᠦᠯᠭᠡ ᠶᠢᠨ ᠬᠠᠮᠲᠤᠷᠠᠯᠴᠠᠭᠠᠨ ᠤ | ᠬᠡᠯᠡᠯᠴᠡᠭᠡᠷ ᠤᠨ ᠪᠢᠴᠢᠭ︾ ᠲᠣᠭᠲᠠᠵᠤ᠂ ᠳᠡᠭᠡᠲᠦ ᠰᠤᠷᠭᠠᠭᠤᠯᠢ ᠪᠠ ᠣᠷᠣᠨ ᠨᠤᠲᠤᠭ ᠤᠨ ᠵᠠᠰᠠᠭ ᠤᠨ | ᠣᠷᠳᠣᠨ ᠯᠤᠭ᠎ᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠨᠤᠯ ᠤᠨ ᠰᠤᠳᠤᠯᠭᠠᠨ | ᠪᠣᠯᠤᠨ ᠰᠢᠨ᠎ᠡ ᠶᠢ ᠡᠭᠦᠳᠬᠦ ᠦᠢᠯᠡᠳᠦᠯᠭᠡ ᠵᠡᠷᠭᠡ ᠲᠠᠯ᠎ᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠢᠦᠢ | ᠴᠢᠤᠸᠠᠨ ᠲᠣᠭᠤᠷᠢᠭ ᠤᠨ ᠦᠨᠳᠦᠰᠦᠲᠡᠨ ᠨᠦᠭᠦᠳ ᠤᠨ ᠵᠤᠤ ᠵᠢᠶᠦ᠋ᠨ ᠤ ᠰᠣᠶᠣᠯ᠂ ᠲᠠᠯ᠎ᠠ ᠨᠤᠲᠤᠭ ᠤᠨ ᠰᠣᠶᠣᠯ | ᠵᠡᠷᠭᠡ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢᠶᠠᠷ ᠠᠷᠤ ᠦᠵᠡᠭᠳᠡᠯ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠤᠨ ᠲᠡᠦᠬᠡ ᠶᠢ ᠬᠠᠮᠲᠤᠪᠠᠷ ᠠᠭᠤᠳᠠᠯᠤᠨ ᠰᠦᠪᠡᠭᠴᠢᠯᠡᠵᠦ᠂ ᠰᠣᠶᠣᠯ ᠤᠨ ᠢᠲᠡᠭᠡᠯ ᠢᠶᠠᠷ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ ᠶᠤᠮ᠃ | | | | | ᠳᠤᠮᠳᠠᠳᠤ ᠡᠮᠦᠨᠡᠲᠦ ᠶᠢᠨ ᠦᠨᠳᠦᠰᠦᠲᠡᠨ ᠤ ᠶᠡᠭᠡ ᠰᠤᠷᠭᠠᠭᠤᠯᠢ ᠪᠣᠯ ᠤᠯᠤᠰ ᠤᠨ ᠦᠨᠳᠦᠰᠦᠲᠡᠨ ᠤ ᠬᠡᠷᠡᠭ | ᠡᠷᠬᠢᠯᠡᠬᠦ ᠵᠥᠪᠯᠡᠯ ᠳᠤ ᠰᠢᠭᠤᠳ ᠬᠠᠷᠢᠶᠠᠯᠠᠭᠳᠠᠬᠤ ᠶᠡᠷᠦᠩᠬᠡᠶᠢᠯᠡᠭᠰᠡᠨ ᠴᠢᠨᠠᠷᠲᠠᠢ ᠡᠩ ᠤᠨ ᠳᠡᠭᠡᠳᠦ ᠵᠡᠷᠭᠡ ᠶᠢᠨ | ᠰᠤᠷᠭᠠᠭᠤᠯᠢ ᠪᠠᠶᠢᠵᠤ᠂ ᠥᠨᠢ ᠤᠳᠠᠭᠠᠨ ᠲᠡᠦᠬᠡ ᠲᠠᠢ᠂ ᠪᠠᠭᠰᠢ ᠶᠢᠨ ᠡᠩᠨᠡᠭᠡ ᠨᠢ ᠬᠦᠴᠦᠷᠬᠡᠭ ᠶᠡᠭᠡ ᠪᠠᠶᠢᠵᠤ᠂ | ᠦᠨᠳᠦᠰᠦᠲᠡᠨ ᠤ ᠤᠬᠠᠭᠠᠨ᠂ ᠨᠡᠶᠢᠭᠡᠮ ᠤᠨ ᠤᠬᠠᠭᠠᠨ ᠤ ᠬᠦᠷᠢᠶᠡᠨ ᠳᠤ ᠲᠤᠪᠤᠶᠢᠮ᠎ᠠ ᠠᠮᠵᠢᠯᠲᠠ ᠪᠦᠲᠦᠮᠵᠢ ᠤᠯᠪᠠ᠃ | ᠲᠣᠰ ᠤᠳᠠᠭ᠎ᠠ ᠬᠤᠶᠠᠷ ᠲᠠᠯ᠎ᠠ ᠪᠠᠷ ᠢᠶᠠᠨ ᠰᠤᠳᠤᠯᠤᠨ ᠰᠤᠷᠤᠯᠴᠠᠬᠤ ᠰᠣᠯᠢᠯᠴᠠᠭ᠎ᠠ᠂ ᠣᠨᠣᠯ ᠤᠨ ᠰᠤᠳᠤᠯᠭᠠᠨ᠂ | ᠺᠠᠳ᠋ᠷ ᠤᠨ ᠪᠣᠯᠪᠠᠰᠤᠷᠠᠯ ᠵᠡᠷᠭᠡ ᠲᠠᠯ᠎ᠠ ᠶᠢᠨ ᠬᠠᠮᠲᠤᠷᠠᠯᠴᠠᠭ᠎ᠠ ᠥᠷᠨᠢᠭᠦᠯᠵᠦ ᠳᠡᠶᠢᠯᠬᠦ ᠪᠣᠯ ᠰᠤᠷᠭᠠᠭᠤᠯᠢ ᠪᠠ ᠣᠷᠣᠨ | ᠨᠤᠲᠤᠭ ᠤᠨ ᠬᠠᠮᠲᠤ ᠪᠠᠷ ᠪᠠᠶᠢᠭᠤᠯᠬᠤ ᠠᠵᠢᠯ ᠤᠨ ᠪᠠᠶᠢᠷᠢᠰᠢᠯ ᠢ ᠭᠦᠨᠵᠡᠭᠡᠶᠢᠷᠡᠭᠦᠯᠬᠦ ᠠᠰᠢᠭᠲᠠᠶ ᠲᠤᠷᠰᠢᠯᠲᠠ ᠮᠥᠨ᠂ | ᠪᠠᠰᠠ ᠴᠤ ᠢᠦᠢ ᠴᠢᠤᠸᠠᠨ ᠲᠣᠭᠤᠷᠢᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠶᠢ ᠦᠷᠭᠡᠳᠭᠡᠬᠦ ᠰᠢᠨ᠎ᠡ ᠠᠷᠭ᠎ᠠ ᠵᠠᠮ ᠤᠨ ᠴᠢᠬᠤᠯᠠ ᠠᠷᠭ᠎ᠠ ᠬᠡᠮᠵᠢᠶ᠎ᠡ ᠮᠥᠨ᠃ | ᠳᠠᠷᠠᠭᠠᠴᠢ ᠶᠢᠨ ᠠᠯᠬᠤᠮ ᠳᠤ᠂ ᠳᠤᠮᠳᠠᠳᠤ ᠡᠮᠦᠨᠡᠲᠦ ᠶᠢᠨ ᠦᠨᠳᠦᠰᠦᠲᠡᠨ ᠤ ᠶᠡᠭᠡ ᠰᠤᠷᠭᠠᠭᠤᠯᠢ ᠳᠡᠭᠡᠳᠦ | ᠰᠤᠷᠭᠠᠭᠤᠯᠢ ᠶᠢᠨ ᠴᠢᠳᠠᠪᠤᠷᠢᠲᠠᠨ ᠪᠠ ᠲᠤᠰᠬᠠᠢ ᠮᠡᠷᠭᠡᠵᠢᠯ ᠤᠨ ᠳᠠᠪᠠᠭᠤᠯᠢᠭ ᠲᠤ ᠲᠦᠰᠢᠭᠯᠡᠵᠦ᠂ ᠢᠦᠢ ᠴᠢᠤᠸᠠᠨ | ᠲᠣᠭᠤᠷᠢᠭ ᠲᠤ ᠵᠣᠬᠢᠴᠠᠩᠭᠤᠢ ᠡᠷᠳᠡᠮ ᠰᠢᠨᠵᠢᠯᠡᠭᠡᠨ ᠤ ᠦᠨᠳᠦᠰᠦᠯᠡᠯ ᠪᠠ ᠲᠦᠷᠦ ᠶᠢᠨ ᠪᠤᠳᠤᠯᠭ᠎ᠠ ᠶᠢᠨ ᠵᠥᠪᠯᠡᠯᠭᠡ | ᠬᠠᠩᠭᠠᠬᠤ ᠶᠢᠨ ᠬᠠᠮᠲᠤ ᠬᠤᠯᠪᠣᠭᠳᠠᠯ ᠪᠦᠬᠦᠢ ᠦᠨᠳᠦᠰᠦᠲᠡᠨ ᠤ ᠤᠨᠤᠯ ᠤᠨ ᠮᠡᠳᠡᠯᠭᠡ ᠪᠠ ᠲᠦᠷᠦ ᠶᠢᠨ ᠪᠤᠳᠤᠯᠭ᠎ᠠ | ᠬᠠᠤᠯᠢ ᠲᠣᠭᠲᠠᠭᠠᠯ ᠤᠨ ᠲᠠᠯ᠎ᠠ ᠪᠠᠷ ᠬᠢ ᠪᠣᠯᠪᠠᠰᠤᠷᠠᠯ ᠪᠠ ᠲᠠᠶᠢᠯᠤᠮᠵᠢ ᠬᠠᠩᠭᠠᠨ᠎ᠠ᠃ ᠢᠦᠢ ᠴᠢᠤᠸᠠᠨ | ᠲᠣᠭᠤᠷᠢᠭ ᠤᠨ ᠬᠢᠨ ᠵᠤᠤ ᠵᠢᠶᠦ᠋ᠨ ᠤ ᠮᠦᠽᠧᠢ ᠶᠢᠨ ᠬᠦᠷᠢᠶᠡᠯᠡᠩ ᠵᠡᠷᠭᠡ ᠲᠠᠯᠠᠪᠤᠷ ᠤᠨ ᠳᠠᠪᠠᠭᠤᠯᠢᠭ ᠲᠤ | ᠲᠦᠰᠢᠭᠯᠡᠵᠦ᠂ ᠳᠤᠮᠳᠠᠳᠤ ᠡᠮᠦᠨᠡᠲᠦ ᠶᠢᠨ ᠦᠨᠳᠦᠰᠦᠲᠡᠨ ᠤ ᠶᠡᠭᠡ ᠰᠤᠷᠭᠠᠭᠤᠯᠢ ᠶᠢᠨ ᠰᠤᠷᠤᠭᠴᠢᠳ ᠲᠤ ︽ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ︾ ᠵᠢᠭᠠᠨ | ᠰᠤᠷᠭᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ᠂ ᠳᠠᠳᠤᠯᠭ᠎ᠠ ᠬᠢᠵᠦ ᠦᠢᠯᠡᠳᠦᠯᠭᠡᠵᠢᠭᠦᠯᠬᠦ ᠰᠠᠭᠤᠷᠢᠨ ᠭᠠᠵᠠᠷ | ᠬᠠᠩᠭᠠᠨ᠎ᠠ᠃ ᠬᠤᠶᠠᠷ ᠲᠠᠯ᠎ᠠ ᠪᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠤᠭᠴᠠᠯᠠᠬᠤ ᠤᠨᠤᠯ ᠤᠨ ᠰᠤᠳᠤᠯᠭᠠᠨ ᠪᠣᠯᠤᠨ ᠦᠷ᠎ᠡ ᠪᠦᠲᠦᠭᠡᠯ ᠢ ᠬᠤᠪᠢᠷᠠᠭᠤᠯᠬᠤ ᠶᠢ ᠬᠠᠮᠲᠤ ᠪᠠᠷ | ᠠᠬᠢᠭᠤᠯᠵᠤ᠂ ᠪᠣᠳᠠᠲᠤ ᠦᠷ᠎ᠡ ᠪᠦᠲᠦᠮᠵᠢ ᠪᠠᠷ ᠰᠤᠷᠭᠠᠭᠤᠯᠢ ᠪᠠ ᠣᠷᠣᠨ ᠨᠤᠲᠤᠭ ᠢ ᠬᠠᠮᠲᠤ ᠪᠠᠷ ᠪᠠᠶᠢᠭᠤᠯᠬᠤ | ᠠᠵᠢᠯ ᠢ ᠰᠠᠶᠢᠲᠤᠷ ᠬᠢᠨ᠎ᠠ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | |