ᠢᠦᠢ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠳᠡᠳ᠋ ᠵᠠᠬᠢᠷᠤᠯ ᠰᠤᠷᠭᠠᠭᠤᠯᠢ ᠶᠢᠨ ᠬᠦᠷᠢᠶᠡᠨ ᠳᠤ ᠣᠷᠣᠵᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/27
     ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠥᠮᠦᠵᠢᠯ ᠪᠤᠯᠪᠠᠰᠤᠷᠠᠯ ᠤᠨ ᠠᠵᠢᠯ ᠢ ᠴᠢᠩᠭᠠᠳᠬᠠᠵᠤ᠂ ᠪᠠᠭᠰᠢ ᠰᠤᠷᠤᠭᠴᠢᠳ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠪᠠ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠦᠨᠡᠨ ᠬᠦ ᠳᠡᠭᠡᠭᠰᠢᠯᠡᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠳᠡᠳ᠋ ᠵᠠᠬᠢᠷᠤᠯ ᠤᠨ ᠲᠤᠰᠬᠠᠶ ᠮᠡᠷᠭᠡᠵᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠣᠶᠢᠷ᠎ᠠ ᠳᠤ᠂ ᠢᠦᠢ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠬᠤ︾ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ ᠭᠠᠯ ᠤᠨᠲᠠᠷᠠᠭᠠᠬᠤ ᠠᠮᠤᠷ ᠲᠦᠪᠰᠢᠨ ᠤ ᠳᠡᠳ᠋ ᠵᠠᠬᠢᠷᠤᠯ ᠢ ᠵᠣᠬᠢᠶᠠᠨ ᠪᠠᠶᠢᠭᠤᠯᠤᠨ ᠬᠥᠬᠡᠬᠤᠲᠠ ᠶᠢᠨ ᠲᠤᠷᠰᠢᠯᠲᠠ ᠶᠢᠨ ᠬᠡᠤᠬᠡᠳ ᠤᠨ ᠴᠡᠴᠡᠷᠯᠢᠭ᠂ ᠱᠢ ᠲᠸᠦ ᠭᠤᠲᠤᠮᠵᠢ ᠶᠢᠨ ᠪᠠᠭ᠎ᠠ ᠰᠤᠷᠭᠠᠭᠤᠯᠢ ᠵᠡᠷᠭᠡ ᠭᠠᠵᠠᠷ ᠲᠤ ᠣᠴᠢᠭᠤᠯᠵᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ︽ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃
     ᠪᠤᠯᠪᠠᠰᠤᠷᠠᠯ ᠤᠨ ᠳᠤᠮᠳᠠ᠂ ᠢᠦᠶ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠳᠡᠳ᠋ ᠵᠠᠬᠢᠷᠤᠯ ᠣᠶᠢᠷ᠎ᠠ ᠶᠢᠨ ᠵᠢᠯ ᠤᠨ ᠲᠤᠷᠰᠢ ᠪᠥᠬᠦ ᠤᠯᠤᠰ ᠲᠤ ᠡᠭᠦᠰᠦᠭᠰᠡᠨ ᠬᠦᠨᠳᠦ ᠶᠡᠭᠡ ᠭᠠᠯ ᠤᠨ ᠭᠠᠮᠰᠢᠭ ᠤᠨ ᠠᠳᠡᠯ ᠤᠨ ᠬᠡᠷᠡᠭ ᠤᠨ ᠵᠢᠱᠢᠶ᠎ᠡ ᠪᠠ ᠭᠠᠯ ᠤᠨ ᠭᠠᠮᠰᠢᠭ ᠤᠨ ᠬᠡᠷᠡᠭ ᠤᠨ ᠵᠢᠱᠢᠶ᠎ᠡ ᠶᠢᠨ ᠰᠡᠷᠡᠮᠵᠢ ᠶᠢᠨ ᠹᠢᠯᠢᠮ ᠢ ᠡᠰᠢᠯᠡᠨ ᠬᠡᠷᠡᠭᠯᠡᠬᠦ ᠪᠠᠷ ᠳᠠᠮᠵᠢᠭᠤᠯᠤᠨ᠂ ᠪᠠᠭᠰᠢ ᠨᠠᠷ ᠲᠤ ᠰᠤᠷᠭᠠᠭᠤᠯᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠴᠢᠬᠤᠯᠠ ᠴᠢᠨᠠᠷ ᠢ ᠲᠠᠶᠢᠯᠪᠤᠷᠢᠯᠠᠬᠤ ᠶᠢᠨ ᠬᠠᠮᠲᠤ ᠰᠤᠷᠭᠠᠭᠤᠯᠢ ᠶᠢᠨ ᠬᠦᠷᠢᠶᠡᠨ ᠤ ᠭᠠᠯ ᠤᠨ ᠠᠶᠤᠯ ᠡᠭᠦᠰᠬᠦ ᠣᠨᠴᠠᠯᠢᠭ ᠲᠠᠢ ᠤᠶᠠᠯᠳᠤᠭᠤᠯᠤᠨ᠂ ᠭᠠᠯ ᠤᠨ ᠠᠶᠤᠯ ᠤᠨ ᠳᠠᠯᠳᠠ ᠬᠡᠮ ᠢ ᠪᠠᠶᠢᠴᠠᠭᠠᠨ ᠠᠷᠢᠯᠭᠠᠬᠤ ᠴᠢᠳᠠᠪᠤᠷᠢ᠂ ᠠᠩᠬᠠᠨ ᠤ ᠬᠤᠭᠤᠴᠠᠭᠠᠨ ᠤ ᠭᠠᠯ ᠢ ᠤᠨᠲᠠᠷᠠᠭᠠᠵᠤ ᠠᠪᠤᠷᠠᠬᠤ ᠴᠢᠳᠠᠪᠤᠷᠢ᠂ ᠲᠠᠷᠬᠠᠭᠠᠨ ᠠᠮᠢ ᠵᠢᠭᠤᠲᠠᠬᠤ ᠴᠢᠳᠠᠪᠤᠷᠢ ᠶᠢ ᠵᠣᠬᠢᠶᠠᠨ ᠪᠠᠶᠢᠭᠤᠯᠬᠤ ᠪᠠ ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠤᠨ ᠴᠢᠳᠠᠪᠤᠷᠢ ᠶᠢᠨ ᠪᠣᠳᠠᠲᠠᠶ ᠠᠭᠤᠯᠭ᠎ᠠ ᠶᠢ ᠨᠠᠷᠢᠨ ᠲᠠᠶᠢᠯᠪᠤᠷᠢᠯᠠᠪᠠ᠃
     ᠪᠣᠯᠪᠠᠰᠤᠷᠠᠯ ᠳᠤ ᠪᠠᠰᠠ ᠪᠣᠳᠠᠲᠤ ᠪᠣᠯᠪᠠᠰᠤᠷᠠᠯ ᠤᠨ ᠭᠤᠭᠴᠤᠭ᠎ᠠ ᠲᠠᠢ ᠪᠠᠶᠢᠵᠤ᠂ ᠲᠤᠬᠠᠶ ᠶᠢᠨ ᠲᠠᠯᠠᠪᠤᠷ ᠲᠤ ᠠᠩᠬ᠎ᠠ ᠡᠭᠦᠰᠦᠭᠰᠡᠨ ᠭᠠᠯ ᠤᠨ ᠭᠠᠮᠰᠢᠭ ᠤᠨ ᠪᠠᠶᠢᠳᠠᠯ ᠢ ᠳᠠᠭᠤᠷᠢᠶᠠᠬᠤ ᠪᠥᠭᠡᠳ ᠭᠠᠯ ᠤᠨᠲᠠᠷᠠᠭᠠᠭᠤᠷ ᠢ ᠵᠥᠪ ᠬᠡᠷᠡᠭᠯᠡᠬᠦ ᠲᠤᠬᠠᠶ ᠨᠠᠷᠢᠨ ᠲᠠᠶᠢᠯᠪᠤᠷᠢᠯᠠᠯᠲᠠ ᠪᠠ ᠠᠵᠢᠯᠯᠠᠭᠠᠨ ᠤ ᠦᠵᠡᠭᠦᠯᠦᠯᠭᠡ ᠬᠢᠪᠠ᠃ ᠪᠠᠭᠰᠢ ᠨᠠᠷ ᠭᠠᠯ ᠤᠨᠲᠠᠷᠠᠭᠠᠬᠤ ᠠᠮᠤᠷ ᠲᠦᠪᠰᠢᠨ ᠤ ᠳᠡᠳ᠋ ᠵᠠᠬᠢᠷᠤᠯ ᠤᠨ ᠵᠢᠯᠣᠭᠤᠳᠣᠯᠭ᠎ᠠ ᠳᠣᠤᠷ᠎ᠠ ᠲᠤᠬᠠᠶ ᠶᠢᠨ ᠲᠠᠯᠠᠪᠤᠷ ᠲᠤ ᠭᠠᠯ ᠤᠨᠲᠠᠷᠠᠭᠠᠭᠤᠷ ᠢ ᠬᠡᠷᠡᠭᠯᠡᠨ ᠭᠠᠯ ᠤᠨᠲᠠᠷᠠᠭᠠᠬᠤ ᠵᠥᠪ ᠠᠯᠬᠤᠮ ᠳᠠᠷᠠᠭ᠎ᠠ ᠶᠢ ᠪᠣᠳᠠᠲᠠᠶ ᠬᠢᠵᠦ᠂ ᠠᠩᠬ᠎ᠠ ᠡᠭᠦᠰᠦᠭᠰᠡᠨ ᠭᠠᠯ ᠢ ᠤᠨᠲᠠᠷᠠᠭᠠᠵᠤ ᠠᠷᠭᠠᠴᠠᠭᠠᠬᠤ ᠴᠢᠳᠠᠪᠤᠷᠢ ᠪᠠᠨ ᠨᠡᠮᠡᠭᠳᠡᠭᠦᠯᠪᠡ᠃
     ︽ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠰᠤᠷᠤᠭᠴᠢᠳ ᠲᠤ ᠪᠦᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠤᠨ ᠴᠢᠬᠤᠯᠠ ᠠᠴᠢ ᠬᠤᠯᠪᠣᠭᠳᠠᠯ ᠢ ᠣᠶᠢᠯᠠᠭᠠᠭᠤᠯᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠢ ᠨᠡᠮᠡᠭᠳᠡᠭᠦᠯᠵᠦ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ ᠶᠢ ᠲᠦᠭᠡᠮᠡᠯᠵᠢᠭᠦᠯᠦᠨ᠂ ᠰᠤᠷᠤᠭᠴᠢᠳ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠵᠠᠶᠢᠯᠠᠬᠤ᠂ ᠥᠪᠡᠷ ᠢ ᠪᠠᠨ ᠠᠪᠤᠷᠠᠵᠤ ᠬᠠᠷᠢᠯᠴᠠᠨ ᠠᠪᠤᠷᠠᠬᠤ ᠤᠷ᠎ᠠ ᠴᠢᠳᠠᠪᠤᠷᠢ ᠶᠢ ᠨᠡᠩ ᠨᠡᠮᠡᠭᠳᠡᠭᠦᠯᠵᠦ᠂ ᠨᠠᠰᠤᠨ ᠳᠤ ᠦᠯᠦ ᠬᠦᠷᠦᠭᠰᠡᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠥᠮᠦᠵᠢᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ᠃         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号