ᠭᠤᠴᠢᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠲᠤ
ᠨᠡᠶᠢᠲᠡᠯᠡᠭᠰᠡᠨ ᠴᠠᠭ᠄
2024/5/27
     ᠣᠶᠢᠷ᠎ᠠ ᠳᠤ᠂ ᠢᠦᠢ ᠴᠢᠤᠸᠠᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠢᠦᠢ ᠴᠢᠤᠸᠠᠨ ᠲᠣᠭᠤᠷᠢᠭ ᠤᠨ ᠵᠡᠮᠳᠡᠭᠴᠦᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠲᠤ ᠭᠤᠴᠢᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠤᠨ ᠭᠤᠣᠯ ᠰᠡᠳᠦᠪᠲᠦ ᠠᠵᠢᠯᠯᠠᠭ᠎ᠠ ᠵᠢᠴᠢ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠥᠷᠨᠢᠭᠦᠯᠪᠡ᠃
     ᠲᠤᠬᠠᠢ ᠶᠢᠨ ᠲᠠᠯᠠᠪᠠᠶ ᠳᠤ᠂ ᠢᠦᠢ ᠴᠢᠤᠸᠠᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠠᠵᠢᠯᠲᠠᠳ ᠠᠴᠠ ᠠᠵᠢᠯᠯᠠᠭ᠎ᠠ ᠳᠤ ᠣᠷᠣᠯᠴᠠᠭᠰᠠᠨ ᠵᠡᠮᠳᠡᠭᠴᠦᠳ ᠲᠤ ︽ᠪᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠮᠡᠳᠡᠨ᠎ᠡ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠵᠡᠷᠭᠡ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠭᠤᠷ ᠠᠮᠢᠰᠬᠤᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠪᠠ᠃      ᠡᠭᠦᠨ ᠤ ᠬᠠᠮᠲᠤ᠂ ᠵᠡᠮᠳᠡᠭᠴᠦᠳ ᠤᠨ ᠬᠤᠯᠪᠣᠭᠠᠨ ᠤ ᠠᠵᠢᠯᠲᠠᠳ ᠪᠠᠰᠠ ᠨᠥᠬᠦᠴᠡᠯ ᠳᠤ ᠨᠡᠶᠢᠴᠡᠬᠦ ᠪᠥᠭᠡᠳ ᠪᠠᠴᠢᠮ ᠱᠠᠭᠠᠷᠳᠠᠯᠭ᠎ᠠ ᠲᠠᠢ ᠵᠡᠮᠳᠡᠭᠴᠦᠳ ᠲᠤ 8 ᠬᠦᠷᠳᠦᠲᠦ ᠰᠠᠨᠳᠠᠯᠢ ᠲᠠᠷᠬᠠᠭᠠᠭᠰᠠᠨ ᠪᠥᠭᠡᠳ ᠬᠦᠷᠳᠦᠲᠦ ᠰᠠᠨᠳᠠᠯᠢ ᠶᠢᠨ ᠡᠳᠦᠷ ᠲᠤᠲᠤᠮ ᠤᠨ ᠬᠠᠮᠠᠭᠠᠯᠠᠯᠲᠠ ᠪᠣᠯᠣᠨ ᠠᠩᠬᠠᠷᠬᠤ ᠵᠦᠢᠯᠡᠰ ᠢ ᠨᠠᠷᠢᠨ ᠲᠠᠶᠢᠯᠪᠤᠷᠢᠯᠠᠭᠰᠠᠨ ᠪᠠᠶᠢᠨ᠎ᠠ᠃ ᠰᠤᠷᠪᠤᠯᠵᠢᠯᠠᠭᠴᠢ ᠠᠷᠢᠭᠤᠨ᠎ᠠ ᠰᠡᠭᠦᠳᠡᠷᠯᠡᠪᠡ
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号