ᠣᠷᠳᠣᠰ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︽ᠳᠤᠯᠠᠭᠠᠯᠠᠬᠤ ᠢᠨᠵᠧᠨᠧᠷᠢᠩ︾ ᠢ ᠪᠥᠬᠦ ᠬᠦᠴᠦᠨ ᠢᠶᠠᠷ ᠢᠶᠠᠨ ᠠᠬᠢᠭᠤᠯᠵᠤ ᠣᠯᠠᠨ ᠲᠦᠮᠡᠨ ᠤ ᠰᠡᠳᠭᠢᠯᠭᠡ ᠶᠢ ᠨᠠᠩ ᠳᠤᠯᠠᠭᠠᠴᠠᠭᠤᠯᠪᠠ
ᠨᠡᠶᠢᠲᠡᠯᠡᠭᠰᠡᠨ ᠴᠠᠭ᠄
2024/5/28
     ︽ᠳᠤᠯᠠᠭᠠᠯᠠᠬᠤ ᠢᠨᠵᠧᠨᠧᠷᠢᠩ︾ ᠢ ᠡᠬᠢᠯᠡᠭᠦᠯᠬᠦ ᠶᠢ ᠳᠠᠭᠠᠯᠳᠤᠨ᠂ ᠢᠦᠶ ᠴᠢᠤᠸᠠᠨ ᠲᠣᠭᠤᠷᠢᠭ ᠤᠨ ᠣᠷᠳᠣᠰ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠯᠠᠨ ᠢᠦᠶ ᠨᠡᠶᠢᠭᠡᠮ ᠲᠣᠭᠤᠷᠢᠭ ᠠᠷᠠᠳ ᠤᠨ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠢᠯᠴᠢ ᠬᠠᠩᠭᠠᠬᠤ ᠣᠷᠣᠨ ᠪᠦᠰᠡ ᠳᠤ ᠨᠡᠶᠢᠳᠡᠮ ᠣᠷᠣᠰᠢᠵᠤ ᠪᠠᠶᠢᠭ᠎ᠠ ᠲᠦᠭᠵᠢᠷᠡᠯ᠂ ᠬᠦᠴᠢᠷᠳᠡᠯ᠂ ᠲᠥᠪᠯᠡᠷᠡᠯ ᠤᠨ ᠠᠰᠠᠭᠤᠳᠠᠯ ᠳᠤ ᠴᠢᠭᠯᠡᠭᠦᠯᠦᠨ᠂ ᠴᠠᠭ ᠲᠤᠬᠠᠶ ᠳᠤᠨᠢ ᠮᠥᠷᠳᠡᠨ ᠳᠠᠭᠠᠬᠤ ᠶᠢᠨ ᠬᠠᠮᠲᠤ ᠪᠠᠶᠢᠷᠢᠯᠠᠭᠤᠯᠵᠤ᠂ ᠳᠤᠯᠠᠭᠠᠯᠠᠭ᠎ᠠ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠢᠯᠴᠢ ᠬᠠᠩᠭᠠᠬᠤ ᠬᠤᠭᠤᠯᠠᠶ ᠶᠢᠨ ᠲᠣᠤᠷ᠂ ᠢᠯᠴᠢ ᠰᠣᠯᠢᠯᠴᠠᠬᠤ ᠥᠷᠲᠡᠭᠡ ᠪᠠ ᠡᠨᠧᠷᠭᠢ ᠠᠷᠪᠢᠯᠠᠬᠤ ᠥᠭᠡᠷᠡᠴᠢᠯᠡᠯᠲᠡ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠳᠠᠷᠤᠶ ᠲᠦᠷᠭᠡᠨ ᠡᠬᠢᠯᠡᠭᠦᠯᠵᠦ᠂ ᠢᠯᠴᠢ ᠬᠠᠩᠭᠠᠬᠤ ᠶᠠᠰᠤ ᠴᠢᠨᠠᠷ ᠪᠠ ᠦᠢᠯᠡᠴᠢᠯᠡᠭᠡᠨ ᠤ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠦᠨ᠂ ᠰᠠᠭᠤᠭᠠᠯᠢ ᠠᠷᠠᠳ ᠲᠤ ᠢᠯᠴᠢ ᠬᠠᠩᠭᠠᠬᠤ ᠶᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ ︽ᠳᠤᠯᠠᠭᠠᠯᠠᠬᠤ ᠢᠨᠵᠧᠨᠧᠷᠢᠩ︾ ᠤᠨ ᠬᠤᠷᠲᠤᠴᠠ ᠶᠢ ᠳᠡᠭᠡᠭᠰᠢᠯᠡᠭᠦᠯᠦᠨ᠂ ᠠᠷᠠᠳ ᠣᠯᠠᠨ ᠤ ᠵᠣᠯ ᠵᠢᠷᠭᠠᠯ ᠤᠨ ᠬᠡᠮᠵᠢᠶ᠎ᠡ ᠶᠢ ᠳᠡᠭᠡᠭᠰᠢᠯᠡᠭᠦᠯᠪᠡ᠃
     ᠰᠤᠷᠪᠤᠯᠵᠢᠯᠠᠭᠴᠢ ᠢᠦᠢ ᠴᠢᠤᠸᠠᠨ ᠠᠶᠢᠯ ᠤᠨ ᠰᠠᠭᠤᠭᠠᠯᠢ ᠠᠷᠠᠳ ᠤᠨ ᠬᠤᠷᠢᠶᠠᠯᠠᠯ ᠤᠨ ᠢᠯᠴᠢ ᠬᠠᠩᠭᠠᠬᠤ ᠲᠥᠬᠦᠭᠡᠷᠦᠮᠵᠢ ᠶᠢ ᠪᠠᠶᠢᠴᠠᠭᠠᠨ ᠵᠠᠰᠠᠬᠤ ᠲᠤᠬᠠᠢ ᠶᠢᠨ ᠲᠠᠯᠠᠪᠠᠢ ᠳᠤ᠂ ᠪᠠᠷᠢᠯᠭ᠎ᠠ ᠶᠢᠨ ᠠᠵᠢᠯᠲᠠᠳ  ᠬᠤᠷᠢᠶᠠᠯᠠᠯ ᠤᠨ ᠢᠯᠴᠢ ᠬᠠᠩᠭᠠᠬᠤ ᠬᠤᠭᠤᠯᠠᠢ ᠨᠢᠭᠡᠪᠦᠷᠢ ᠶᠢ ᠨᠠᠷᠢᠨ ᠬᠢᠨᠠᠮᠠᠭᠠᠢ ᠲᠣᠭᠤᠷᠢᠨ ᠪᠠᠶᠢᠴᠠᠭᠠᠵᠤ᠂ ᠬᠠᠮᠠᠭᠠᠯᠠᠵᠤ᠂ ᠪᠠᠶᠢᠴᠠᠭᠠᠨ ᠵᠠᠰᠠᠵᠤ᠂ ᠡᠯ᠎ᠡ ᠵᠦᠢᠯ ᠤᠨ ᠠᠵᠢᠯ ᠡᠮᠬᠢ ᠵᠢᠷᠤᠮ ᠲᠠᠢ ᠶᠠᠪᠤᠭᠳᠠᠪᠠ᠃ ᠮᠠᠰᠢᠨ ᠲᠡᠷᠭᠡ ᠴᠢᠷᠮᠠᠶᠢᠨ ᠠᠵᠢᠯᠯᠠᠵᠤ᠂ ᠨᠢᠭᠡᠳᠦᠭᠡᠷ ᠹᠷᠣᠨᠲ ᠤᠨ ᠠᠵᠢᠯᠴᠢᠳ ᠬᠥᠯᠥᠰᠥ ᠪᠠᠨ ᠤᠷᠤᠰᠬᠠᠨ᠂ ᠬᠦᠷ ᠬᠥᠭᠵᠢᠶᠡᠨ ᠲᠠᠢ ᠶᠠᠭᠠᠷᠠᠯᠳᠤᠵᠤ ᠪᠠᠶᠢᠯ᠎ᠠ᠃ ︽ᠡᠪᠦᠯ ᠪᠣᠯᠪᠠᠯ ᠬᠦᠢᠲᠡᠷᠡᠬᠦ ᠠᠴᠠ ᠳᠠᠬᠢᠵᠤ ᠵᠣᠪᠠᠭ᠋ᠤ ᠬᠡᠷᠡᠭ ᠦᠭᠡᠢ᠂ ᠡᠨᠡ ᠬᠦ ᠢᠨᠵᠧᠨᠧᠷᠢᠩ ᠦᠨᠡᠬᠡᠷ ᠰᠡᠳᠭᠢᠯᠭᠡ ᠶᠢ ᠳᠤᠯᠠᠭᠠᠴᠠᠭᠤᠯᠤᠨ᠎ᠠ︾ ᠭᠡᠵᠦ ᠢᠦᠶ ᠴᠢᠤᠸᠠᠨ ᠠᠶᠢᠯ ᠤᠨ ᠰᠠᠭᠤᠭᠠᠯᠢ ᠠᠷᠠᠳ ᠤᠨ ᠬᠤᠷᠢᠶᠠᠯᠠᠯ ᠤᠨ ᠵᠠᠩ ᠡᠮᠡᠭᠡᠨ ᠰᠤᠷᠪᠤᠯᠵᠢᠯᠠᠭᠴᠢ ᠳᠤ ᠬᠡᠯᠡᠪᠡ᠃
     ᠢᠦᠶ ᠴᠢᠤᠸᠠᠨ ᠲᠣᠭᠤᠷᠢᠭ ᠤᠨ ᠣᠷᠳᠣᠰ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠯᠠᠨ ᠢᠦᠶ ᠨᠡᠶᠢᠭᠡᠮ ᠲᠣᠭᠤᠷᠢᠭ ᠤᠨ ᠱᠦᠵᠢ ᠯᠢ ᠮᠢᠶᠣᠣ ᠮᠢᠶᠣᠣ ᠶᠢᠨ ᠲᠠᠨᠢᠯᠴᠠᠭᠤᠯᠤᠭᠰᠠᠨ ᠢᠶᠠᠷ᠄ ︽ᠢᠦᠶ ᠴᠢᠤᠸᠠᠨ ᠠᠶᠢᠯ ᠤᠨ ᠰᠠᠭᠤᠭᠠᠯᠢ ᠠᠷᠠᠳ ᠤᠨ ᠬᠤᠷᠢᠶᠠᠯᠠᠯ ᠳᠤ ᠥᠩᠭᠡᠷᠡᠭᠰᠡᠨ ᠵᠢᠯ ᠤᠳ ᠤᠨ ᠳᠤᠯᠠᠭᠠᠯᠠᠭ᠎ᠠ ᠶᠢᠨ ᠤᠯᠠᠷᠢᠯ ᠳᠤ ᠦᠷᠭᠦᠯᠵᠢ ᠳᠤᠯᠠᠭᠠᠯᠠᠭ᠎ᠠ ᠶᠢᠨ ᠬᠤᠭᠤᠯᠠᠶ ᠭᠤᠭᠤᠵᠢᠵᠤ ᠭᠡᠭᠡᠭᠳᠡᠬᠦ ᠦᠵᠡᠭᠳᠡᠯ ᠭᠠᠷᠳᠠᠭ᠂ ᠡᠨᠡ ᠵᠢᠯ ᠤᠨ ᠳᠤᠯᠠᠭᠠᠯᠠᠭ᠎ᠠ ᠶᠢᠨ ᠢᠨᠵᠧᠨᠧᠷᠢᠩ ᠨᠢ ᠢᠦᠶ ᠴᠢᠤᠸᠠᠨ ᠠᠶᠢᠯ ᠤᠨ ᠰᠠᠭᠤᠭᠠᠯᠢ ᠠᠷᠠᠳ ᠤᠨ ᠬᠤᠷᠢᠶᠠᠯᠠᠯ ᠢ ᠲᠦᠷᠦᠭᠦᠤ ᠪᠦᠯᠦᠭ ᠤᠨ ᠥᠭᠡᠷᠡᠴᠢᠯᠡᠯᠲᠡ ᠶᠢᠨ ᠨᠡᠷᠡᠰ ᠲᠤ ᠣᠷᠣᠭᠤᠯᠪᠠ᠂ ᠡᠭᠦᠨ ᠳᠤ 13 ᠰᠠᠭᠤᠷᠢ ᠠᠰᠠᠷ᠂ 30 ᠤᠷᠤᠴᠠᠲᠤ ᠠᠰᠠᠷ᠂ 2144 ᠡᠷᠦᠬᠡ ᠰᠠᠭᠤᠭᠠᠯᠢ ᠠᠷᠠᠳ ᠬᠤᠯᠪᠣᠭᠳᠠᠵᠤ᠂ ᠳᠤᠯᠠᠭᠠᠯᠠᠭ᠎ᠠ ᠶᠢᠨ ᠲᠠᠯᠠᠪᠠᠶ ᠨᠢ 170732 ᠲᠡᠭᠰᠢ ᠳᠥᠷᠪᠡᠯᠵᠢᠨ ᠮᠧᠲᠷ ᠲᠤ ᠬᠦᠷᠴᠡᠶ᠃ ᠪᠠᠷᠢᠯᠭ᠎ᠠ ᠶᠢᠨ ᠠᠩᠭᠢ 4 ᠳ᠋ᠤᠭᠡᠷ ᠰᠠᠷ᠎ᠠ ᠶᠢᠨ 15 ᠤ ᠡᠳᠦᠷ ᠲᠠᠯᠠᠪᠠᠶ ᠳᠤ ᠣᠷᠣᠵᠤ᠂ 4 ᠳ᠋ᠤᠭᠡᠷ ᠰᠠᠷ᠎ᠠ ᠶᠢᠨ 16 ᠤ ᠡᠳᠦᠷ ᠠᠴᠠ ᠡᠬᠢᠯᠡᠵᠦ ᠠᠵᠢᠯᠯᠠᠵᠠᠶ᠃ ᠣᠳᠣᠬᠠᠨ ᠳᠤ᠂ ᠨᠢᠭᠡᠨᠲᠡ 14 ᠤᠷᠤᠴᠠᠲᠤ ᠠᠰᠠᠷ ᠤᠨ ᠭᠠᠩᠨᠠᠨ ᠵᠠᠯᠭᠠᠬᠤ ᠪᠠ ᠤᠰᠤᠨ ᠳᠠᠷᠤᠯᠲᠠ ᠶᠢᠨ ᠲᠤᠷᠰᠢᠯᠲᠠ ᠶᠢ ᠳᠠᠭᠤᠰᠬᠠᠵᠤ᠂ ᠰᠣᠯᠢᠭᠰᠠᠨ ᠤ ᠳᠠᠷᠠᠭᠠᠬᠢ ᠬᠤᠭᠤᠯᠠᠶ ᠳᠤ ᠳᠤᠯᠠᠭᠠᠨ ᠢ ᠬᠠᠳᠠᠭᠠᠯᠠᠬᠤ  ᠰᠢᠢᠳᠪᠦᠷᠢᠯᠡᠯᠲᠡ ᠬᠢᠵᠦ᠂ ᠳᠠᠷᠠᠭ᠎ᠠ ᠨᠢ ᠡᠭᠡᠭᠦᠯᠦᠨ ᠲᠠᠭᠯᠠᠬᠤ ᠠᠵᠢᠯ ᠬᠢᠨ᠎ᠡ︾ ᠭᠡᠵᠡᠶ᠃
     ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠤᠷᠳᠤᠰ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠯᠠᠨ ᠢᠦᠢ ᠨᠡᠶᠢᠭᠡᠮ ᠲᠣᠭᠤᠷᠢᠭ ᠤᠨ ᠬᠢᠨ ᠳᠤᠯᠠᠭᠠᠯᠠᠬᠤ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠳᠤᠯᠠᠭᠠᠯᠠᠭ᠎ᠠ ᠶᠢᠨ ᠲᠥᠬᠦᠭᠡᠷᠦᠮᠵᠢ ᠶᠢ ᠰᠠᠶᠢᠵᠢᠷᠠᠭᠤᠯᠵᠤ᠂ ᠰᠠᠭᠤᠭᠠᠯᠢ ᠠᠷᠠᠳ ᠤᠨ ᠳᠤᠯᠠᠭᠠᠯᠠᠭ᠎ᠠ ᠶᠢᠨ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠳᠤᠯᠠᠭᠠᠯᠠᠭ᠎ᠠ ᠶᠢᠨ ᠶᠠᠰᠤ ᠴᠢᠨᠠᠷ ᠪᠣᠯᠣᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠠᠮᠤᠷ ᠲᠦᠪᠰᠢᠨ᠂ ᠲᠣᠭᠲᠠᠭᠤᠨ᠂ ᠴᠢᠨᠠᠷ ᠰᠠᠶᠢᠲᠠᠢ ᠳᠤᠯᠠᠭᠠᠯᠠᠭ᠎ᠠ ᠶᠢ ᠪᠡᠶᠡᠯᠡᠭᠦᠯᠵᠦ᠂ ᠥᠷᠭᠡᠨ ᠤᠯᠠᠨ ᠰᠠᠭᠤᠭᠠᠯᠢ ᠠᠷᠠᠳ ᠤᠨ ᠰᠡᠳᠬᠢᠯ ᠢ ᠨᠡᠩ ᠳᠤᠯᠠᠭᠠᠴᠠᠭᠤᠯᠤᠨ᠎ᠠ᠃
           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号